ᠪᠤᠭᠤᠳᠠᠢ ᠬᠠᠳᠤᠵᠤ ᠬᠤᠷᠢᠶᠠᠬᠤ ᠬᠤᠭᠤᠴᠠᠭᠠᠨ ᠳᠤ ᠤᠷᠤᠯ᠎ᠠ
ᠨᠡᠶᠢᠲᠡᠯᠡᠭᠰᠡᠨ ᠴᠠᠭ᠄
2022/7/25
      7 ᠰᠠᠷ᠎ᠠ ᠶᠢᠨ ᠳᠤᠮᠳᠠᠴᠢ ᠪᠠᠷ᠂ ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠤ ᠪᠤᠷᠤᠲᠤᠯᠤᠭᠠᠢ ᠲᠠᠷᠢᠶᠠᠯᠠᠩ ᠤᠨ ᠲᠠᠯᠠᠪᠠᠶ ᠶᠢᠨ ᠭᠤᠷᠪᠠᠳᠤᠭᠠᠷ ᠬᠤᠪᠢᠶᠠᠷᠢ ᠲᠠᠯᠠᠪᠠᠶ ᠶᠢᠨ 1.2 ᠲᠦᠮᠡᠨ ᠮᠥ ᠪᠤᠭᠤᠳᠠᠢ ᠬᠠᠳᠤᠵᠤ ᠬᠤᠷᠢᠶᠠᠬᠤ ᠬᠤᠭᠤᠴᠠᠭᠠᠨ ᠳᠤ ᠣᠷᠣᠵᠤ᠂ ᠪᠣᠭᠤᠳᠠᠶ ᠳᠠᠷᠢᠭᠰᠠᠨ ᠡᠷᠦᠬᠡ ᠨᠦᠭᠦᠳ ᠴᠠᠭ ᠢ ᠵᠠᠪᠳᠤᠨ᠂ ᠮᠠᠰᠢᠨ ᠮᠧᠬᠠᠨᠢᠭ᠂ ᠬᠦᠮᠦᠨ ᠤ ᠬᠦᠴᠦ ᠶᠢ ᠵᠣᠬᠢᠶᠠᠨ ᠪᠠᠶᠢᠭᠤᠯᠵᠤ ᠂ ᠪᠣᠭᠤᠳᠠᠶ ᠬᠤᠷᠢᠶᠠᠬᠤ ᠠᠵᠢᠯ ᠳᠠᠭᠠᠨ ᠶᠠᠭᠠᠷᠠᠵᠠᠭᠠᠨ᠎ᠠ᠃ ᠣᠶᠢᠯᠠᠭᠠᠭᠰᠠᠨ ᠢᠶᠠᠷ ᠂ ᠡᠨᠡ ᠵᠢᠯ ᠳ᠋ᠧᠩᠺᠸᠦ ᠰᠢᠶᠠᠨ ᠤ ᠪᠣᠭᠤᠳᠠᠶ ᠳᠠᠷᠢᠭᠰᠠᠨ ᠲᠠᠯᠠᠪᠠᠶ 2.91 ᠲᠦᠮᠡᠨ ᠮᠥ ᠪᠠᠶᠢᠵᠤ ᠂ ᠪᠣᠭᠤᠳᠠᠶ ᠶᠢᠨ ᠡᠭᠦᠯᠳᠡᠷ ᠨᠢ ᠶᠦᠩ ᠯᠢᠶᠠᠩ ᠳᠥᠷᠪᠡᠳᠦᠭᠡᠷ ᠨᠣᠮᠧᠷ ᠢᠶᠠᠷ ᠭᠤᠤᠯᠯᠠᠵᠤ᠂ 11 ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠶᠢᠨ ᠮᠥ ᠪᠦᠷᠢ ᠶᠢᠨ ᠳᠤᠮᠳᠠᠴᠢ ᠤᠨᠠᠯᠲᠠ ᠨᠢ 800 ᠭᠠᠷᠤᠶ ᠵᠢᠩ ᠳᠤ ᠬᠦᠷᠴᠦ᠂ ᠪᠣᠭᠤᠳᠠᠶ ᠳᠠᠷᠢᠬᠤ ᠨᠥᠬᠦᠪᠥᠷᠢ ᠨᠢ ᠮᠥ ᠪᠦᠷᠢ ᠳᠤ 300 ᠲᠥᠭᠦᠷᠢᠭ᠂ ᠬᠠᠳᠤᠵᠤ ᠬᠤᠷᠢᠶᠠᠬᠤ ᠰᠦᠢᠳᠬᠡᠯ ᠤᠨ ᠨᠥᠬᠦᠪᠥᠷᠢ ᠨᠢ ᠮᠥ ᠪᠦᠷᠢ ᠳᠤ 60 — 70 ᠲᠦᠭᠦᠷᠢᠭ ᠲᠤ ᠬᠦᠷᠴᠡᠢ᠃ 
230.png
          ᠰᠤᠷᠪᠤᠯᠵᠢᠯᠠᠭᠴᠢ ᠲᠡᠭᠦᠰᠪᠢᠯᠢᠭ ᠰᠡᠬᠦᠳᠡᠷᠯᠡᠨ ᠮᠡᠳᠡᠭᠡᠯᠡᠪᠡ
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号