ᠪᠤᠬᠢᠷᠲᠤᠯ ᠦᠭᠡᠢ ᠵᠢᠮᠢᠰ ᠨᠤᠭᠤᠭ᠎ᠠ ᠲᠠᠷᠢᠵᠤ ᠤᠷᠤᠯᠭ᠎ᠠ ᠪᠠᠨ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2022/7/26
      ᠵᠤᠨ ᠤ ᠬᠠᠯᠠᠭᠤᠨ ᠨᠠᠷᠠ ᠵᠣᠯᠠᠢ ᠲᠦᠭᠡᠨᠡᠭᠰᠡᠨ 7 ᠰᠠᠷ᠎ᠠ ᠶᠢᠨ ᠳᠤᠮᠳᠠᠴᠢ ᠪᠠᠷ ᠰᠣᠷᠪᠣᠯᠵᠢᠯᠠᠬᠴᠢ ᠦᠦᠰᠢᠨ ᠬᠤᠰᠢᠭᠤᠨ ᠤ ᠰᠢᠷᠬᠤᠰᠤᠨ ᠪᠠᠯᠭᠠᠰᠤᠨ ᠤ ᠸᠠᠩ ᠶᠣᠣ ᠸᠠᠨ ᠲᠤᠰᠬᠤᠨ ᠤ ᠳᠣᠯᠤᠳᠤᠭᠠᠷ ᠬᠤᠷᠰᠢᠶᠠᠨ ᠤ ᠲᠠᠷᠢᠶᠠᠴᠢᠨ ᠸᠧᠢ ᠯᠢᠨ ᠯᠢᠨ ᠤ ᠲᠠᠷᠢᠶᠠᠯᠠᠩ ᠤᠨ ᠲᠠᠯᠠᠪᠠᠢ ᠳᠤ ᠬᠦᠷᠬᠦ ᠳᠤ ᠭᠤᠸᠠ ᠵᠢᠮᠢᠰ ᠤᠨ ᠰᠠᠶᠢᠬᠠᠨ ᠥᠨᠥᠷ ᠦᠨᠦᠷᠳᠦᠭᠳᠡᠨ᠎ᠡ᠃ ᠸᠧᠢ ᠯᠢᠨ ᠯᠢᠨ ᠵᠢᠮᠢᠰ ᠲᠡᠭᠦᠵᠦ ᠪᠠᠶᠢᠭ᠎ᠠ ᠵᠢᠭᠤᠯᠴᠢᠯᠠᠭᠰᠠᠳ ᠲᠤ ᠄ ︽ ᠮᠠᠨ ᠤ ᠠᠳᠡ ᠠᠮᠲᠠᠲᠤ ᠬᠡᠮᠬᠡ ᠠᠴᠠ ᠭᠠᠳᠠᠨ᠎ᠠ ᠪᠠᠰᠠ ᠵᠢᠵᠢᠭ ᠲᠦᠪᠡᠳ ᠬᠠᠰᠢ᠂ ᠯᠠᠵᠣᠣ᠂ ᠲᠠᠷᠪᠤᠰ ᠵᠡᠷᠭᠡ ᠠᠮᠲᠠᠲᠠᠢ᠂ ᠪᠤᠬᠢᠷᠳᠤᠯ ᠦᠭᠡᠢ ᠵᠢᠮᠢᠰ ᠨᠣᠭᠤᠭ᠎ᠠ ᠪᠠᠶᠢᠨ᠎ᠠ ᠂ ᠲᠠᠨᠤᠰ ᠳᠤᠷ᠎ᠠ ᠪᠠᠷ ᠢᠶᠠᠨ ᠠᠮᠲᠠᠯᠠᠵᠤ ᠦᠵᠡᠭᠡᠷᠡᠢ︾ ᠬᠡᠵᠣ ᠲᠠᠨᠢᠯᠴᠠᠭᠤᠯᠵᠣ ᠪᠠᠶᠢᠯ᠎ᠠ᠃      ᠸᠧᠢ ᠯᠢᠨ ᠯᠢᠨ ᠤᠤᠯ ᠳᠠᠭᠠᠨ 23 ᠮᠥ ᠡᠷᠳᠡᠨᠢ ᠰᠢᠰᠢ ᠲᠠᠷᠢᠵᠦ ᠪᠠᠶᠢᠵᠠᠢ ᠂ 2020 ᠣᠨ ᠳᠤ ᠰᠢᠷᠬᠤᠰᠤᠨ ᠪᠠᠯᠭᠠᠰᠤᠨ ᠤ ︽ᠨᠢᠭᠡ ᠲᠤᠰᠬᠤᠨ ᠨᠢᠭᠡ ᠪᠦᠲᠦᠭᠡᠭᠳᠡᠭᠦᠨ ︾ ᠭᠡᠬᠦ ᠤᠷᠢᠶᠠᠯᠠᠭ᠎ᠠ ᠶᠢ ᠳᠠᠭᠠᠵᠤ᠂ ᠲᠠᠷᠢᠶᠠᠯᠠᠩ ᠤᠨ ᠪᠦᠲᠦᠴᠡ ᠳᠡᠭᠡᠨ ᠲᠣᠬᠢᠷᠠᠭᠤᠯᠣᠯᠳᠠ ᠬᠢᠭᠡᠳ᠂ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠪᠣᠬᠢᠷᠳᠤᠯ ᠦᠭᠡᠢ ᠠᠮᠢ ᠠᠬᠤᠢ ᠶᠢᠨ ᠲᠠᠷᠢᠶᠠᠯᠠᠩ ᠢ ᠬᠦᠭᠵᠢᠭᠦᠯᠦᠨ᠂ ᠲᠠᠷᠢᠶᠠᠨ ᠭᠠᠵᠠᠷ ᠢᠶᠠᠨ ᠠᠰᠢᠭᠯᠠᠨ ᠬᠦᠯᠡᠮᠵᠢ ᠪᠠᠶᠢᠭᠤᠯᠤᠭᠠᠳ᠂ ᠣᠨᠴᠠᠯᠢᠭᠲᠤ ᠲᠠᠷᠢᠮᠠᠯ ᠤᠨ ᠠᠵᠤ ᠦᠢᠯᠡᠰ ᠡᠷᠬᠢᠯᠡᠵᠡᠢ᠃ ᠲᠠᠷᠢᠶᠠᠨ ᠠᠴᠠ ᠪᠠᠨ ᠭᠠᠳᠠᠨ᠎ᠠ ᠪᠠᠰᠠ 80 ᠬᠤᠨᠢ᠂ 40 ᠭᠠᠭ᠋ᠠᠢ ᠲᠡᠵᠢᠭᠡᠵᠦ᠂ ᠨᠤᠲᠤᠭ ᠤᠨ ᠪᠣᠷᠳᠤᠭᠤᠷ ᠢ ᠲᠠᠷᠢᠶᠠᠨ ᠳᠠᠭᠠᠨ ᠣᠷᠤᠭᠤᠯᠵᠤ᠂ ᠲᠠᠷᠢᠵᠤ ᠲᠡᠵᠢᠭᠡᠬᠦ ᠪᠠ ᠠᠮᠢ ᠠᠬᠤᠢ ᠶᠢᠨ ᠡᠷᠭᠢᠯᠲᠡ ᠶᠢ ᠤᠶᠠᠯᠳᠤᠭᠤᠯᠤᠭᠰᠠᠨ ᠪᠣᠬᠢᠷᠳᠣᠯ ᠦᠭᠡᠢ ᠢᠳᠡᠰᠢᠨ ᠨᠣᠭᠤᠭ᠎ᠠ ᠵᠢᠮᠢᠰ ᠲᠠᠷᠢᠪᠠ᠃      ᠢᠳᠡᠰᠢᠨ ᠨᠣᠭᠤᠭᠠᠨ ᠤ ᠴᠢᠨᠠᠷ ᠴᠢᠨᠰᠠᠭ᠎ᠠ ᠪᠠ ᠭᠠᠷᠤᠯᠲᠠ ᠪᠠᠨ ᠣᠯᠠᠮ ᠳᠡᠭᠡᠭᠰᠢᠯᠡᠭᠦᠯᠬᠦ ᠶᠢᠨ ᠲᠥᠯᠥᠭᠡ᠂ ᠸᠧᠢ ᠯᠢᠨ ᠯᠢᠨ ᠰᠦᠯᠵᠢᠶᠡᠨ ᠳᠡᠭᠡᠷ᠎ᠡ ᠠᠴᠠ ᠯᠠᠪᠯᠠᠨ᠂ ᠭᠠᠳᠠᠭᠰᠢ ᠭᠠᠷᠴᠥ ᠰᠤᠷᠤᠯᠴᠠᠬᠤ ᠶᠢᠨ ᠬᠠᠮᠲᠤ ᠪᠠᠯᠭᠠᠰᠤᠨ ᠤ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠦᠪ ᠤᠨ ᠵᠢᠯᠣᠭᠤᠳᠣᠯᠭ᠎ᠠ ᠪᠠᠷ ᠲᠥᠪᠡᠳ ᠬᠠᠰᠢ᠂ ᠬᠠᠯᠠᠭᠤᠨ ᠨᠤᠭᠤᠭ᠎ᠠ᠂ ᠲᠠᠷᠪᠤᠰ ᠵᠡᠷᠭᠡ ᠶᠢ ᠲᠠᠷᠢᠵᠤ᠂ ᠪᠤᠬᠢᠷᠲᠤᠯ ᠦᠭᠡᠢ ᠢᠳᠡᠰᠢᠨ ᠨᠤᠭᠤᠭ᠎ᠠ ᠵᠢᠮᠢᠰ ᠤᠨ ᠲᠠᠯᠠᠪᠠᠢ ᠪᠠᠨ ᠨᠠᠷᠢᠯᠢᠭᠵᠢᠭᠤᠯᠤᠨ ᠬᠠᠮᠢᠶᠠᠷᠤᠭᠰᠠᠨ ᠪᠠᠶᠢᠨ᠎ᠠ ᠃ ᠲᠡᠭᠦᠨ ᠤ ᠬᠠᠲᠠᠭᠤᠵᠢᠯᠲᠠᠢ ᠴᠢᠷᠮᠠᠶᠢᠯᠭ᠎ᠠ ᠪᠠᠷ 2020 ᠤᠨ ᠠᠴᠠ ᠡᠳᠡᠨᠠᠶᠢᠬᠡᠨ ᠢᠳᠡᠰᠢᠨ ᠨᠤᠭᠤᠭ᠎ᠠ ᠲᠠᠷᠪᠤᠰ ᠤᠨ ᠬᠦᠯᠡᠮᠵᠢ ᠳᠤᠮᠳᠠᠴᠢ ᠠᠴᠠ ᠲᠦᠮᠡ ᠭᠠᠷᠤᠢ ᠵᠢᠩ ᠬᠤᠷᠢᠶᠠᠵᠤ᠂ ᠲᠤᠰᠬᠤᠨ ᠤ ᠬᠠᠮᠲᠤ ᠶᠢᠨ ᠠᠵᠤ ᠠᠬᠤᠢ ᠪᠤᠯᠬᠤ ᠪᠠᠷᠠᠭᠠᠨ ᠤ ᠭᠦᠢᠯᠭᠡᠭᠡ ᠪᠠᠷ ᠳᠠᠮᠵᠢᠨ᠂ ᠱᠠᠨᠰᠢ ᠮᠣᠵᠢ ᠶᠢᠨ ᠡᠯ᠎ᠡ ᠭᠠᠵᠠᠷ ᠲᠤ ᠪᠣᠷᠤᠯᠠᠭᠤᠯᠵᠦ ᠪᠠᠶᠢᠬᠤ ᠠᠴᠠ ᠭᠠᠳᠠᠨ᠎ᠠ ᠪᠠᠰᠠ ᠵᠢᠭᠤᠯᠴᠢᠯᠠᠭᠴᠢᠳ ᠢ ᠲᠠᠳᠠᠨ ᠪᠣᠷᠣᠯᠠᠭᠤᠯᠭ᠎ᠠ ᠪᠠᠨ ᠥᠷᠬᠡᠳᠭᠡᠪᠡ᠃ ᠸᠧᠢ ᠯᠢᠨ ᠯᠢᠨ᠄ ︽ᠪᠢ ᠡᠷᠳᠡᠨᠢ ᠰᠢᠰᠢ ᠲᠠᠷᠢᠵᠤ ᠪᠠᠶᠢᠬᠤ ᠦᠶᠡᠰ ᠶᠠᠭᠠᠬᠢᠵᠤ ᠴᠢᠷᠮᠠᠶᠢᠭᠰᠠᠨ ᠴᠥ ᠵᠢᠯ ᠳᠡᠭᠡᠨ ᠵᠦᠪᠬᠡᠨ 3 ᠲᠦᠮᠡᠨ ᠲᠦᠭᠦᠷᠢᠭ ᠤᠨ ᠤᠷᠤᠯᠭ᠎ᠠ ᠣᠯᠳᠠᠭ᠂ ᠣᠳᠤᠬᠠᠨ ᠳᠤ ᠲᠠᠷᠢᠬᠤ ᠲᠡᠵᠢᠭᠡᠬᠦ ᠶᠢ ᠤᠶᠠᠯᠳᠤᠭᠤᠯᠤᠭᠰᠠᠨ ᠠᠴᠠ ᠵᠢᠯ ᠳᠤ 25 ᠲᠦᠮᠡᠨ ᠲᠦᠭᠦᠷᠢᠭ ᠤᠨ ᠤᠷᠤᠯᠭ᠎ᠠ ᠲᠠᠢ ᠪᠤᠯᠵᠠᠢ᠂ ᠳᠠᠷᠠᠭ᠎ᠠ ᠵᠢᠯ ᠰᠢᠨ᠎ᠡ ᠲᠦᠷᠦᠯ ᠵᠦᠢᠯ ᠣᠷᠣᠭᠤᠯᠵᠤ᠂ ᠨᠡᠩ ᠰᠠᠶᠢᠨ ᠬᠢᠷᠢ ᠪᠦᠲᠥᠮᠵᠢ ᠣᠯᠬᠤ ᠪᠠᠷ ᠴᠢᠷᠮᠠᠶᠢᠨ᠎ᠠ ︾ ᠭᠡᠵᠦ ᠢᠳᠡᠬᠡᠯ ᠲᠡᠬᠦᠯᠳᠡᠷ ᠪᠠᠶᠢᠯ᠎ᠠ ᠃      ᠣᠳᠤᠬᠠᠨ ᠳᠤ ᠂ ᠪᠦᠬᠦ ᠪᠠᠯᠭᠠᠰᠤᠨ ᠤ 84 ᠡᠷᠦᠬᠡ ᠳᠤᠮᠳᠠᠴᠢ ᠪᠠᠷ 300 ᠮᠦ ᠶᠢᠨ ᠪᠤᠬᠢᠷᠲᠤᠯ ᠦᠭᠡᠢ ᠲᠠᠷᠢᠶᠠᠯᠠᠩ ᠤᠨ ᠭᠠᠵᠠᠷ ᠲᠠᠢ ᠪᠠᠶᠢᠵᠤ ᠂ ᠪᠠᠯᠭᠠᠰᠤᠨ ᠡᠴᠠ‌ᠮᠡᠷᠭᠡᠵᠢᠯ ᠤᠨ ᠳᠡᠮᠵᠢᠯᠭᠡ ᠬᠠᠩᠭᠠᠨ᠂ ᠨᠦᠬᠦᠪᠦᠷᠢ ᠶᠢᠨ ᠲᠦᠷᠦ ᠶᠢᠨ ᠪᠣᠳᠤᠯᠭ᠎ᠠ ᠶᠢ ᠲᠡᠭᠦᠯᠳᠡᠷᠵᠢᠭᠦᠯᠵᠣ᠂ ︽ᠰᠡᠯᠡᠭᠦᠴᠡᠯ ᠵᠢᠭᠤᠯᠴᠢᠯᠠᠯ + ᠪᠤᠬᠢᠷᠲᠤᠯ ᠦᠭᠡᠢ ᠲᠠᠷᠢᠶᠠᠯᠠᠩ︾ ᠤᠨ ᠰᠢᠨ᠎ᠡ ᠵᠠᠭᠪᠤᠷ ᠢ ᠬᠡᠷᠡᠭᠵᠢᠭᠦᠯᠵᠦ ᠂ ᠲᠠᠷᠢᠶᠠᠴᠢᠳ ᠤᠨ ᠤᠷᠤᠯᠭ᠎ᠠ ᠶᠢᠨ ᠵᠠᠮ ᠢ ᠦᠷᠬᠡᠳᠬᠡᠵᠦ ᠪᠣᠢ᠃  
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号