ᠪᠠᠶᠠᠨᠨᠠᠭᠤᠷ ᠬᠤᠲᠠ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠲᠣᠭᠤᠷᠢᠨ ᠦᠵᠡᠬᠦ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/7/26
      ᠤᠷᠴᠢᠮᠬᠠᠨ᠂ ᠪᠠᠶᠠᠨᠨᠠᠭᠤᠷ ᠬᠤᠲᠠ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠲᠣᠭᠤᠷᠢᠨ ᠦᠵᠡᠬᠦ ᠪᠣᠯᠪᠠᠰᠤᠷᠠᠯ ᠤᠨ ᠬᠤᠷᠠᠯ ᠶᠠᠪᠤᠭᠳᠠᠪᠠ᠃      ᠲᠣᠭᠤᠷᠢᠨ ᠦᠵᠡᠬᠦ ᠳᠤᠭᠤᠢᠯᠠᠩ ᠤᠷᠢᠳ ᠬᠤᠵᠢᠳ ᠤᠷᠠᠳ ᠬᠤᠶᠢᠲᠤ ᠬᠤᠰᠢᠭᠤ᠂ ᠯᠢᠨ ᠾᠧ ᠲᠣᠭᠤᠷᠢᠭ ᠪᠣᠯᠤᠨ ᠬᠠᠩᠭᠢᠨ ᠬᠤᠶᠢᠲᠤ ᠬᠤᠰᠢᠭᠤᠨ ᠳᠤ ᠬᠦᠷᠴᠦ᠂ ᠡᠯ᠎ᠡ ᠭᠠᠵᠠᠷ ᠤᠨ ᠣᠲᠣ ᠦᠶ᠎ᠡ ᠶᠢᠨ ᠲᠠᠷᠢᠶᠠᠯᠠᠩ ᠤᠨ ᠪᠣᠬᠢᠷᠲᠤᠯ ᠥᠬᠡᠶ ᠬᠦᠭᠵᠢᠯᠲᠡ ᠶᠢ ᠠᠬᠢᠭᠤᠯᠬᠤ᠂ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠨᠠᠷᠢᠯᠢᠭ ᠣᠶᠢᠯᠠᠭᠠᠬᠤ ᠶᠢᠨ ᠬᠠᠮᠲᠤ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠠᠯᠠᠭᠯᠠᠨ ᠳᠠᠷᠢᠵᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠠᠪᠤᠷ ᠤᠨ ᠪᠣᠭᠤᠳᠠᠶ ᠶᠢ ︽ᠬᠤᠶᠠᠷ ᠢ ᠥᠭᠡᠷᠡᠴᠢᠯᠡᠵᠦ ᠭᠤᠷᠪᠠ ᠶᠢ ᠢᠵᠢ ᠪᠥᠷᠢᠳᠦᠭᠦᠯᠵᠦ︾ ᠪᠣᠬᠢᠷᠲᠤᠯ ᠥᠬᠡᠶ ᠥᠨᠳᠥᠷ ᠪᠦᠲᠦᠮᠵᠢᠲᠡᠶ ᠳᠠᠷᠢᠵᠤ ᠪᠣᠶᠢᠵᠢᠭᠤᠯᠬᠤ ᠂ ᠪᠣᠭᠤᠳᠠᠶ ᠡᠷᠳᠡᠨᠢ ᠰᠢᠰᠢ ᠶᠢ ᠠᠯᠠᠭᠯᠠᠨ ᠲᠠᠷᠢᠬᠤ᠂ ᠪᠣᠭᠤᠳᠠᠶ ᠶᠢᠨ ᠲᠠᠷᠠᠭ᠎ᠠ ᠣᠷᠣᠶ ᠳᠠᠷᠢᠬᠤ ᠨᠡᠷᠡᠨ ᠬᠤᠸᠠᠷ ᠢ ᠲᠠᠷᠢᠬᠤ᠂ ᠪᠣᠭᠤᠳᠠᠶ ᠶᠢᠨ ᠳᠠᠷᠠᠭ᠎ᠠ ᠪᠤᠰᠤᠳ ᠵᠦᠢᠯ ᠢ ᠳᠠᠷᠢᠵᠤ ᠤᠷᠭᠤᠭᠤᠯᠬᠤ ᠵᠡᠷᠭᠡ ᠮᠡᠷᠭᠡᠵᠢᠯ ᠢ ᠲᠤᠬᠠᠶ ᠶᠢᠨ ᠲᠠᠯᠠᠪᠠᠶ ᠳᠤ ᠲᠣᠭᠤᠷᠢᠨ ᠦᠵᠡᠵᠦ ᠰᠤᠷᠤᠯᠴᠠᠪᠠ᠃      ᠣᠶᠢᠯᠠᠭᠠᠭᠰᠠᠨ ᠢᠶᠠᠷ ᠂ ᠲᠣᠰ ᠤᠳᠠᠭᠠᠨ ᠤ ᠲᠣᠭᠤᠷᠢᠨ ᠦᠵᠡᠬᠦ ᠬᠤᠷᠠᠯ ᠨᠢ ᠪᠥᠬᠦ ᠬᠤᠲᠠ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ 10 ᠵᠢᠱᠢᠶ᠎ᠡ ᠦᠵᠡᠭᠦᠯᠬᠦ ᠣᠷᠤᠨ ᠤ ︽ ᠲᠠᠷᠢᠶᠠᠴᠢᠳ ᠲᠤ ᠦᠵᠡᠭᠦᠯᠬᠦ︾ ︽ᠲᠠᠷᠢᠶᠠᠴᠢᠳ ᠢ ᠳᠠᠭᠠᠭᠤᠯᠤᠨ ᠬᠢᠬᠦ︾ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠬᠤᠰᠢᠭᠤ ᠰᠢᠶᠠᠨ ᠲᠤᠭᠤᠷᠢᠭ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠲᠤᠭᠤᠷᠢᠭ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳᠡᠯᠭᠡᠨ ᠦᠵᠡᠭᠦᠯᠵᠦ᠂ ᠠᠮᠤ ᠪᠤᠳᠠᠭ᠎ᠠ ᠳᠠᠷᠢᠬᠤ ᠲᠣᠮᠣ ᠡᠷᠦᠬᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠳᠠᠶᠢᠴᠢᠯᠠᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠳᠠᠷᠢᠬᠤ ᠲᠦᠪᠰᠢᠨ ᠢ ᠳᠡᠭᠡᠭᠰᠢᠭᠦᠯᠬᠦ ᠪᠠᠷ ᠵᠣᠷᠢᠯᠭ᠎ᠠ ᠪᠠᠨ ᠪᠣᠯᠭᠠᠵᠠᠶ᠃        ᠲᠤᠰ ᠤᠳᠠᠭᠠᠨ ᠤ ᠲᠣᠭᠤᠷᠢᠨ ᠦᠵᠡᠬᠦ ᠪᠤᠯᠪᠠᠰᠤᠷᠠᠯ ᠤᠨ ᠬᠤᠷᠠᠯ ᠨᠢ ᠯᠢᠨ ᠾᠧ ᠲᠤᠭᠤᠷᠢᠭ ᠲᠤ ᠭᠤᠣᠯ ᠬᠤᠷᠠᠯ ᠤᠨ ᠲᠠᠯᠠᠪᠠᠢ ᠲᠤᠬᠢᠷᠠᠭᠤᠯᠵᠤ᠂ ᠤᠷᠠᠳ ᠤᠨ ᠬᠤᠶᠢᠲᠤ ᠬᠤᠰᠢᠭᠤ᠂ ᠬᠠᠩᠭᠢᠨ ᠬᠤᠶᠢᠲᠤ ᠬᠤᠰᠢᠭᠤᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号