ᠡᠪᠡᠳᠴᠢᠨ ᠢᠶᠠᠷ ᠦᠬᠦᠭᠰᠡᠨ ᠭᠠᠭ᠋ᠠᠢ ᠶᠢᠨ ᠮᠢᠬ᠎ᠠ ᠶᠢ ᠬᠡᠷᠬᠢᠨ ᠢᠯᠭᠠᠨ ᠲᠠᠨᠢᠬᠤ ᠪᠤᠢ
ᠨᠡᠶᠢᠲᠡᠯᠡᠭᠰᠡᠨ ᠴᠠᠭ᠄
2022/7/26
      ᠡᠩ ᠤᠨ ᠪᠠᠶᠢᠳᠠᠯ ᠳᠤ ᠡᠪᠡᠳᠴᠢᠨ ᠢᠶᠠᠷ ᠦᠬᠦᠭᠰᠡᠨ ᠭᠠᠭ᠋ᠠᠢ ᠶᠢᠨ ᠮᠢᠬ᠎ᠠ ᠨᠢ ᠳᠣᠣᠷᠠᠬᠢ ᠮᠡᠲᠦ ᠬᠡᠳᠦᠨ ᠣᠨᠴᠠᠯᠢᠭ ᠲᠠᠢ ᠪᠠᠶᠢᠳᠠᠭ ᠄ ᠠᠷᠠᠰᠤᠨ ᠤ ᠬᠢᠨ ᠶᠡᠭᠡ ᠬᠡᠰᠡᠭ ᠪᠤᠶᠤ ᠪᠦᠬᠦ ᠬᠡᠰᠡᠭ ᠢᠶᠠᠷ ᠨᠢ ᠬᠦᠷᠡᠩ ᠤᠯᠠᠭᠠᠨ ᠪᠣᠯᠬᠤ ᠂ ᠤᠯᠠᠭᠠᠨ ᠲᠣᠯᠪᠤ  ᠲᠠᠢ ᠡᠰᠡᠭᠦᠯ᠎ᠡ ᠣᠯᠠᠨ ᠭᠠᠵᠠᠷ ᠲᠤ ᠨᠢ ᠤᠯᠠᠭᠠᠨ ᠲᠣᠯᠪᠤ  ᠲᠠᠢ ᠪᠠᠶᠢᠵᠤ ᠂ ᠥᠭᠡᠬᠦ ᠨᠢᠰᠢᠷᠠᠯᠠᠵᠤ᠂ ᠮᠢᠬᠠᠨ ᠳᠣᠲᠣᠷ᠎ᠠ ᠨᠢ ᠣᠨᠳᠣᠣ ᠶᠠᠭᠤᠮ᠎ᠠ ᠲᠠᠢ᠂ ᠡᠰᠡᠬᠦᠯ᠎ᠡ ᠭᠠᠳᠠᠷ ᠪᠠᠶᠢᠳᠠᠯ ᠨᠢ ᠢᠯᠡᠷᠬᠡᠢ ᠬᠡᠪ ᠤᠨ ᠪᠤᠰᠤ ᠪᠠᠶᠢᠳᠠᠭ᠃ ᠡᠪᠡᠳᠴᠢᠨ ᠢᠶᠠᠷ ᠦᠬᠦᠭᠰᠡᠨ ᠭᠠᠭ᠋ᠠᠢ ᠶᠢᠨ ᠮᠢᠬᠠᠨ ᠤ ᠴᠢᠰᠤ ᠶᠢ ᠨᠢ ᠲᠠᠯᠪᠢᠭᠰᠠᠨ ᠬᠢᠲᠤᠭᠠᠨ ᠤ ᠨᠦᠬᠡ ᠨᠢ ᠲᠡᠭᠰᠢᠬᠡᠨ᠂ ᠬᠡᠷᠴᠢᠭᠳᠡᠭᠰᠡᠨ ᠲᠠᠯ᠎ᠠ ᠨᠢ ᠭᠥᠯᠢᠭᠡᠷ ᠮᠥᠷᠲᠡᠭᠡᠨ ᠴᠢᠰᠤ ᠨᠡᠪᠴᠢᠭᠰᠡᠨ ᠦᠭᠡᠢ ᠪᠠᠶᠢᠵᠤ ᠂ ᠬᠢᠲᠤᠭᠠᠨ ᠤ ᠨᠦᠬᠡ ᠭᠠᠳᠠᠭᠰᠢ ᠤᠷᠪᠠᠭᠰᠠᠨ ᠦᠭᠡᠢ ᠂ ᠲᠡᠭᠰᠢᠬᠡᠨ ᠪᠠᠶᠢᠵᠤ᠂ ᠡᠷᠭᠢᠨ ᠲᠣᠭᠤᠷᠢᠨ ᠤ ᠨᠡᠬᠡᠳᠡᠰᠦ ᠳᠤ  ᠨᠢ ᠵᠢᠭᠠᠬᠠᠨ ᠴᠢᠰᠤ ᠨᠡᠪᠴᠢᠭᠰᠡᠨ ᠪᠠᠶᠢᠳᠠᠭ ᠃       ᠮᠡᠳᠡᠭᠡ ᠵᠠᠩᠭᠢ ᠶᠢᠨ ᠢᠷᠡᠯᠲᠡ᠄ ᠸᠠᠩ ᠰᠢᠶᠣᠣ ᠹᠧᠩ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号