1000 ᠡᠾᠧᠰᠲ᠋ᠠᠨ ᠰᠠᠭᠠᠯᠢ ᠶᠢᠨ ᠦᠨᠢᠶ᠎ᠡ ᠪᠤᠭᠤᠲᠤ ᠳᠤ ᠨᠤᠲᠤᠭᠰᠢᠪᠠ
ᠨᠡᠶᠢᠲᠡᠯᠡᠭᠰᠡᠨ ᠴᠠᠭ᠄
2022/7/27
      7 ᠰᠠᠷ᠎ᠠ ᠶᠢᠨ 22 ᠤᠨ ᠡᠳᠦᠷ ᠂ ᠠᠦ᠋ᠰᠲᠷᠠᠯᠢᠶ᠎ᠠ ᠠᠴᠠ ᠣᠷᠣᠭᠤᠯᠤᠭᠰᠠᠨ 1000 ᠡᠾᠧᠰᠲ᠋ᠠᠨ ᠰᠠᠭᠠᠯᠢ ᠶᠢᠨ ᠦᠨᠢᠶ᠎ᠡ ᠳᠠᠯᠠᠢ ᠭᠡᠲᠦᠯᠦᠨ ᠪᠤᠭᠤᠲᠤ ᠶᠢᠨ ᠾᠧᠩ ᠶᠤᠸᠠᠨ ᠡᠭᠦᠯᠳᠡᠷ ᠤᠨ ᠮᠠᠯ ᠤᠨ ᠺᠣᠮᠫᠠᠨᠢ ᠳᠤ ᠬᠦᠷᠪᠡ ᠃      ᠠᠦ᠋ᠰᠲᠷᠠᠯᠢᠶ᠎ᠠ ᠠᠴᠠ ᠣᠷᠣᠭᠤᠯᠤᠭᠰᠠᠨ 1000 ᠡᠾᠧᠰᠲ᠋ᠠᠨ ᠰᠠᠭᠠᠯᠢ ᠶᠢᠨ ᠦᠨᠢᠶ᠎ᠡ 45 ᠡᠳᠦᠷ ᠤᠨ ᠲᠤᠰᠠᠭᠠᠷᠯᠠᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠲᠡᠳᠡᠨ ᠤ ᠪᠤᠭᠤᠲᠤ ᠶᠢᠨ ᠰᠢᠨ᠎ᠡ ᠭᠡᠷ — ᠪᠤᠭᠤᠲᠤ  ᠶᠢᠨ ᠾᠧᠩ ᠶᠤᠸᠠᠨ ᠡᠭᠦᠯᠳᠡᠷ ᠤᠨ ᠮᠠᠯ ᠤᠨ ᠺᠣᠮᠫᠠᠨᠢ ᠶᠢᠨ ᠣᠶᠤᠨᠴᠢᠯᠠᠭᠰᠠᠨ ᠦᠬᠡᠷ ᠤᠨ ᠬᠠᠰᠢᠶ᠎ᠠ ᠳᠤ ᠤᠷᠤᠭᠰᠢᠲᠠᠢ ᠪᠠᠷ ᠬᠦᠷᠴᠦ ᠢᠷᠡᠪᠡ ᠂ ᠡᠳᠡᠭᠡᠷ ᠰᠠᠭᠠᠯᠢ ᠶᠢᠨ ᠦᠨᠢᠶ᠎ᠡ ᠨᠢ ᠴᠦᠮ 13 — 16 ᠰᠠᠷ᠎ᠠ ᠣᠷᠴᠢᠮ ᠨᠠᠰᠤ ᠲᠠᠢ ᠃ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠶᠣᠰᠣᠭᠠᠷ᠂ ᠲᠣᠰ ᠤᠳᠠᠭ᠎ᠠ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢ ᠲᠣᠯᠣᠭᠠᠢ ᠪᠦᠷᠢ ᠳᠤ 5000 ᠲᠥᠭᠦᠷᠢᠭ ᠤᠨ ᠵᠠᠰᠠᠭ ᠤᠨ ᠣᠷᠳᠣᠨ ᠤ ᠨᠥᠬᠦᠪᠦᠷᠢ ᠣᠯᠭᠤᠵᠤ᠂ ᠭᠠᠳᠠᠭᠠᠳᠤ ᠠᠴᠠ ᠰᠠᠭᠠᠯᠢ ᠶᠢᠨ ᠦᠨᠢᠶ᠎ᠡ ᠣᠷᠣᠭᠤᠯᠬᠤ ᠪᠠᠷ ᠳᠠᠮᠵᠢᠭᠤᠯᠤᠨ᠂ ᠪᠤᠭᠤᠲᠤ ᠬᠤᠲᠠ ᠶᠢᠨ ᠰᠠᠭᠠᠯᠢ ᠶᠢᠨ ᠦᠨᠢᠶ᠎ᠡ ᠶᠢᠨ ᠦᠷᠡᠵᠢᠯᠲᠡ ᠶᠢᠨ ᠬᠤᠷᠳᠤᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ ᠪᠠ ᠦᠨᠢᠶᠡᠨ ᠰᠦ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠬᠦᠯᠦᠨ᠎ᠡ᠃
图片1.png
       ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢ ᠪᠤᠭᠤᠲᠤ ᠶᠢᠨ ᠾᠧᠩ ᠶᠤᠸᠠᠨ ᠡᠭᠦᠯᠳᠡᠷ ᠤᠨ ᠮᠠᠯ ᠤᠨ ᠺᠣᠮᠫᠠᠨᠢ ᠳᠤ ᠵᠢᠩᠬᠢᠨᠢ ᠪᠠᠷ ᠨᠤᠲᠤᠭᠰᠢᠭᠤᠯᠤᠭᠰᠠᠨ ᠨᠢ ᠪᠤᠭᠤᠲᠤ ᠬᠤᠳᠠ ᠶᠢᠨ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠰᠢᠨ᠎ᠡ ᠨᠢᠭᠡᠨ ᠱᠠᠲᠤᠨ ᠳᠤ ᠣᠷᠣᠵᠤ ᠂ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠨ᠎ᠡ ᠠᠶᠠᠨ ᠢᠶᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号