ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠳᠡᠭᠡᠷ᠎ᠡ ᠬᠠᠭᠠᠰ ᠵᠢᠯ ᠤᠨ ᠲᠡᠵᠢᠭᠡᠨ ᠦᠷᠡᠵᠢᠭᠦᠯᠬᠦ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ  ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/7/27
      2022 ᠣᠨ ᠤ ᠳᠡᠭᠡᠷ᠎ᠡ ᠬᠠᠭᠠᠰ ᠵᠢᠯ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠥᠪᠡᠷᠲᠡᠭᠡᠨ ᠵᠠᠰᠠᠬᠤ ᠣᠷᠣᠨ ᠳᠤ ᠤᠰᠤᠨ ᠭᠠᠷᠤᠯᠲᠠ ᠶᠢᠨ ᠵᠤᠷᠰᠢᠯ ᠤᠨ ᠰᠤᠭᠤᠴᠢᠨ ᠪᠠᠶᠢᠴᠠᠭᠠᠯᠲᠠ ᠬᠢᠵᠦ᠂ ᠨᠡᠶᠢᠲᠡ 13 ᠪᠦᠯᠦᠭ ᠥᠯᠢᠭᠡᠷ ᠡᠳ᠋ ᠢ ᠰᠤᠭᠤᠴᠢᠨ ᠪᠠᠶᠢᠴᠠᠭᠠᠵᠤ᠂ ᠬᠢᠷᠢ ᠲᠡᠩᠴᠡᠭᠰᠡᠨ ᠨᠣᠷᠮ᠎ᠠ ᠨᠢ 100% ᠳᠤ ᠬᠥᠷᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠵᠢᠭᠠᠰᠤᠨ ᠠᠵᠤ ᠠᠬᠤᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠲᠤᠰᠬᠠᠢ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠬᠢᠵᠦ᠂ 148 ᠪᠦᠯᠦᠭ ᠥᠯᠢᠭᠡᠷ ᠡᠳ᠋ ᠢ ᠰᠤᠭᠤᠴᠢᠨ ᠪᠠᠶᠢᠴᠠᠭᠠᠵᠤ᠂ ᠬᠢᠷᠢ ᠲᠡᠩᠴᠡᠭᠰᠡᠨ ᠨᠣᠷᠮ᠎ᠠ ᠨᠢ97.97% ᠳᠤ ᠬᠦᠷᠴᠠᠢ᠃ ᠡᠯ᠎ᠡ ᠦᠢᠯᠡᠳᠪᠦᠷᠢᠯᠡᠯ ᠤᠨ ᠭᠤᠣᠯ ᠴᠣᠭᠴᠠ ᠨᠢ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠷ᠎ᠡ ᠵᠢᠷᠠᠭᠠᠬᠠᠢ ᠶᠢ ᠣᠷᠣᠭᠤᠯᠤᠨ ᠠᠪᠴᠢᠷᠠᠬᠤ᠂ ᠦᠢᠯᠡᠳᠪᠦᠷᠢᠯᠡᠬᠦ᠂ ᠵᠦᠭᠡᠭᠡᠪᠦᠷᠢᠯᠡᠬᠦ ᠵᠢᠴᠢ ᠲᠡᠵᠢᠭᠡᠨ ᠦᠷᠡᠵᠢᠭᠦᠯᠬᠦ ᠡᠯ᠎ᠡ ᠵᠠᠩᠭᠢᠯᠠᠭ᠎ᠠ ᠶᠢᠨ ᠪᠥᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ                         2022 ᠣᠨ ᠤ 7 ᠰᠠᠷ᠎ᠠ ᠶᠢᠨ 26 ᠤ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号