ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢᠨ ᠮᠡᠷᠭᠡᠵᠢᠯ ᠤᠨ ᠭᠠᠵᠠᠷ ᠤᠨ ᠨᠠᠮ ᠤᠨ ᠡᠭᠦᠷ ︽ᠡᠪᠡᠰᠦᠨ ᠤ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠵᠢᠴᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠣᠰᠣᠯᠠᠯ ᠥᠷᠨᠢᠭᠦᠯᠪᠡ
ᠨᠡᠶᠢᠲᠡᠯᠡᠭᠰᠡᠨ ᠴᠠᠭ᠄
2022/7/27
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠬᠥᠯᠥᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤᠨ ᠤ ᠬᠢᠶᠠᠭ  ᠡᠪᠡᠰᠦ ᠥᠷᠭᠡᠳᠬᠡᠨ ᠲᠠᠷᠢᠬᠤ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ ︽ᠶᠡᠭᠡ ᠪᠠᠷ ᠠᠵᠢᠯᠯᠠᠵᠤ ᠲᠦᠷᠭᠡᠨ ᠬᠥᠭᠵᠢᠬᠦ︾ ᠵᠢᠭᠠᠪᠤᠷᠢ ᠶᠢᠨ ᠵᠣᠷᠢᠭ ᠰᠠᠨᠠᠭ᠎ᠠ  ᠶᠢ ᠦᠨᠠᠨ ᠬᠦ ᠲᠤᠭᠤᠰᠢᠯᠠᠭᠤᠯᠵᠤ ᠂ ᠪᠦᠬᠦ ᠣᠷᠣᠨ ᠤ ᠴᠢᠨᠠᠷ ᠰᠠᠶᠢᠲᠠᠢ ᠡᠪᠡᠰᠦ ᠪᠣᠷᠳᠤᠭ᠎ᠠ ᠶᠢᠨ ᠴᠢᠨᠠᠷ ᠰᠠᠶᠢᠲᠠᠢ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠡᠪᠡᠰᠦᠨ ᠤ ᠦᠢᠯᠡᠰ ᠤᠨ ︽ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠳᠡᠯᠭᠡᠷᠡᠭᠦᠯᠬᠦ︾ ᠬᠠᠮᠲᠤᠷᠠᠯᠴᠠᠭᠠᠨ ᠤ ᠲᠣᠭᠲᠠᠴᠠ  ᠶᠢ ᠤᠯᠠᠮ ᠨᠢᠭᠡ ᠠᠯᠬᠤᠮ ᠪᠠᠲᠤᠳᠬᠠᠵᠤ᠂ ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ  ᠶᠢ ᠡᠭᠦᠳᠬᠦ ᠬᠤᠯᠪᠣᠭᠠᠲᠤ ᠴᠣᠭᠴᠠ ᠶᠢᠨ ᠠᠵᠢᠯ ᠤᠨ ᠲᠣᠭᠲᠠᠴᠠ  ᠶᠢ ᠪᠤᠲᠠᠲᠠᠶᠢᠵᠢᠭᠤᠯᠬᠤ ᠶᠢᠨ ᠲᠥᠯᠥᠭᠡ᠂ 7 ᠰᠠᠷ᠎ᠠ ᠶᠢᠨ 22 ᠤᠨ ᠦᠳᠡ ᠶᠢᠨ ᠬᠤᠶᠢᠨ᠎ᠠ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢᠨ ᠮᠡᠷᠭᠡᠵᠢᠯ ᠤᠨ ᠭᠠᠵᠠᠷ ᠪᠣᠯᠣᠨ ᠮᠧᠩ ᠼᠣᠣ ᠺᠣᠮᠫᠠᠨᠢ ᠶᠢᠨ ᠰᠤᠳᠤᠯᠤᠨ ᠨᠡᠭᠡᠭᠡᠬᠦ ᠲᠥᠪ ᠠᠴᠠ ᠲᠦᠷᠦᠭᠦᠯᠡᠵᠦ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠯᠪᠠᠨ ᠭᠡᠷ᠂ ᠠᠵᠢᠯᠲᠠᠨ ᠤ ᠶᠠᠪᠤᠳᠠᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠨᠠᠮ ᠤᠨ ᠪᠠᠶᠢᠭᠤᠯᠤᠯᠲᠠ ᠶᠢᠨ ᠭᠠᠵᠠᠷ᠂ ᠲᠠᠷᠢᠮᠠᠯ ᠤᠨ ᠦᠢᠯᠡᠰ ᠤᠨ ᠭᠠᠵᠠᠷ᠂ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠪᠣᠯᠣᠨ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠵᠡᠷᠭᠡ  ᠨᠢᠭᠡᠴᠢ ᠶᠢᠨ 12 ᠨᠠᠮ ᠤᠨ ᠡᠭᠦᠷ ᠂ ᠬᠥᠬᠡᠬᠤᠲᠠ ᠶᠢᠨ ᠬᠦᠬᠡᠲᠠᠯ᠎ᠠ ᠪᠠᠷᠠᠭᠤᠨ ᠵᠡᠭᠡᠯᠢ ᠶᠢᠨ ᠱᠧᠩ ᠭᠠᠢ ᠶᠢᠩ ᠭᠤᠳᠤᠮᠵᠢ ᠶᠢᠨ ᠮᠧᠩ ᠼᠣᠣ ᠦᠷ᠎ᠡ ᠶᠢᠨ ᠦᠢᠯᠡᠰ ᠤᠨ ᠲᠥᠪ ᠲᠤ ︽ ᠡᠪᠡᠰᠦᠨ ᠤ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ ᠂ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠶ᠎ᠠ ︾ ᠭᠡᠬᠦ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠵᠢᠴᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠢ ᠬᠠᠮᠲᠤᠪᠠᠷ ᠥᠷᠨᠢᠭᠦᠯᠵᠡᠢ ᠃      ᠦᠳᠡ ᠶᠢᠨ ᠬᠤᠶᠢᠨᠠᠬᠢ 3 ᠴᠠᠭ ᠲᠤ᠂ ᠡᠯ᠎ᠡ ᠨᠠᠮ ᠤᠨ ᠡᠭᠦᠷ ᠤᠨ ᠨᠠᠮ ᠤᠨ ᠭᠡᠰᠢᠭᠦᠨ ᠲᠥᠯᠥᠭᠡᠯᠡᠭᠴᠢ 30 ᠭᠠᠷᠤᠢ ᠬᠥᠮᠥᠨ᠂ ᠡᠩ ᠲᠡᠷᠢᠭᠦᠨ ᠳᠤ ᠮᠧᠩ ᠼᠣᠣ ᠦᠷ᠎ᠡ ᠶᠢᠨ ᠦᠢᠯᠡᠰ ᠤᠨ ᠲᠥᠪ ᠤᠨ ᠡᠬᠢ ᠪᠠᠶᠠᠯᠢᠭ ᠤᠨ ᠬᠦᠷᠢᠶᠡᠯᠡᠩ᠂ ᠬᠥᠷᠥᠰᠥᠨ ᠤ ᠦᠯᠢᠭᠡᠷ ᠤᠨ ᠬᠥᠮᠥᠷᠭᠡ᠂ ᠤᠷᠭᠤᠮᠠᠯ ᠤᠨ ᠦᠯᠢᠭᠡᠷ ᠤᠨ ᠬᠥᠮᠥᠷᠭᠡ ᠵᠢᠴᠢ ᠪᠠᠶᠠᠰᠬᠤᠯᠠᠩᠲᠤ ᠵᠢᠵᠢᠭ ᠡᠪᠡᠰᠦᠨ ᠤ ᠦᠵᠡᠭᠦᠯᠭᠡ ᠶᠢᠨ ᠲᠣᠭᠤᠷᠢᠭ ᠢ ᠲᠣᠭᠤᠷᠢᠨ ᠦᠵᠡᠪᠡ᠃ ᠪᠦᠯᠦᠭᠯᠡᠯ ᠤᠨ ᠰᠡᠷᠭᠦᠭᠡᠨ ᠨᠣᠭᠤᠭᠠᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠷᠢᠳᠠᠪᠠᠷ ᠬᠥᠭᠵᠢᠭᠦᠯᠬᠦ᠂ ᠨᠠᠮ ᠤᠨ ᠪᠠᠶᠢᠭᠤᠯᠤᠯᠲᠠ ᠪᠠᠷ ᠳᠠᠭᠠᠭᠤᠯᠤᠭᠰᠠᠨ ᠡᠯ᠎ᠡ ᠵᠦᠢᠯ ᠤᠨ ᠰᠢᠨ᠎ᠡ ᠡᠭᠦᠳᠦᠯᠲᠡ ᠶᠢᠨ ᠴᠢᠨᠠᠷᠲᠠᠢ ᠦᠷ᠎ᠡ ᠪᠦᠲᠦᠭᠡᠯ ᠢ ᠭᠦᠨᠵᠡᠭᠡᠢ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠳᠤ ᠮᠧᠩ ᠼᠤᠤ ᠺᠣᠮᠫᠠᠨᠢ ᠶᠢᠨ ᠲᠤᠰᠬᠠᠢ ᠮᠡᠷᠭᠡᠵᠢᠯᠲᠡᠨ ᠤ ᠲᠠᠨᠢᠯᠴᠠᠭᠤᠯᠭ᠎ᠠ  ᠪᠠᠷ᠂ ᠤᠯᠠᠨ ᠢᠶᠠᠷ ᠢᠶᠠᠨ ᠮᠧᠩ ᠼᠤᠤ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠣᠶᠢᠮᠣ ᠪᠠᠶᠢᠳᠠᠯ ᠢ ᠤᠯᠠᠮ ᠴᠢᠨᠠᠭᠰᠢᠳᠠ ᠣᠶᠢᠯᠠᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ ᠦᠷ᠎ᠡ ᠶᠢᠨ ᠢᠷᠡᠯᠲᠡ ᠶᠢ  ᠡᠵᠡᠨ ᠮᠡᠳᠡᠵᠦ  ᠡᠵᠡᠮᠳᠡᠬᠦ  ᠭᠡᠪᠡᠯ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ  ᠡᠵᠡᠨ ᠮᠡᠳᠡᠵᠦ ᠥᠪᠡᠷ ᠢ ᠪᠠᠨ ᠬᠦᠴᠦᠷᠬᠡᠭᠵᠢᠭᠦᠯᠬᠦ ᠬᠡᠷᠡᠭᠲᠡᠢ ︾ ᠭᠡᠬᠦ ᠴᠢᠬᠤᠯᠠ ᠱᠠᠭᠠᠷᠳᠠᠯᠭ᠎ᠠ ᠶᠢ ᠨᠡᠩ ᠨᠡᠪᠲᠡᠷᠬᠡᠢ ᠣᠶᠢᠯᠠᠭᠠᠵᠤ ᠂ ︽ ᠠᠮᠢ ᠠᠬᠤᠢ ᠶᠢ ᠲᠡᠷᠢᠭᠦᠨ ᠳᠤ ᠲᠠᠯᠪᠢᠵᠤ ᠂ ᠪᠣᠬᠢᠷᠳᠤᠯ ᠦᠭᠡᠢ ᠬᠥᠭᠵᠢᠭᠦᠯᠬᠦ ︾  ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠢᠲᠡᠭᠡᠯ ᠨᠡᠩ ᠪᠠᠲᠤᠵᠢᠵᠠᠢ ᠃      ᠦᠵᠡᠭᠦᠯᠭᠡ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ᠂ ᠮᠧᠩ ᠼᠤᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠲᠣᠰ ᠲᠣᠰ ᠦᠭᠡ ᠬᠡᠯᠡᠵᠦ ᠶᠠᠷᠢᠶ᠎ᠠ ᠲᠠᠯᠪᠢᠪᠠ᠂ ᠬᠤᠶᠢᠰᠢᠳᠠ ᠬᠤᠶᠠᠷ ᠲᠠᠯ᠎ᠠ ᠪᠠᠷ ᠢᠶᠠᠨ ᠡᠯ᠎ᠡ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠨᠠᠮ ᠤᠨ ᠡᠭᠦᠷ ᠤᠨ ᠬᠤᠭᠤᠷᠣᠨᠳᠣᠬᠢ ᠬᠥᠨᠳᠡᠯᠡᠨ ᠭᠤᠯᠳᠤ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠠᠬᠢᠭᠤᠯᠬᠤ︾ ᠬᠠᠮᠲᠤᠷᠠᠯᠴᠠᠭ᠎ᠠ ᠰᠣᠯᠢᠯᠴᠠᠭ᠎ᠠ ᠶᠢᠨ ᠥᠷᠭᠡᠴᠡ ᠭᠦᠨᠴᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠥᠪᠯᠡᠷᠡᠭᠦᠯᠬᠦ ᠳᠤ ᠨᠠᠩ ᠶᠡᠭᠡ ᠬᠠᠮᠲᠤᠷᠠᠯ ᠬᠦᠴᠦᠨ ᠢ ᠬᠤᠷᠠᠮᠳᠣᠭᠤᠯᠬᠤ ᠬᠡᠷᠡᠭᠲᠡᠢ ᠭᠡᠪᠡ ᠃ ᠨᠠᠮ ᠤᠨ ᠡᠳᠦᠷᠯᠢᠭ ᠤᠨ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠂ 3 ᠨᠠᠮ ᠤᠨ ᠭᠡᠰᠢᠭᠦᠨ ᠲᠥᠯᠥᠭᠡᠯᠡᠭᠴᠢ ᠪᠣᠯᠣᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠂ ᠵᠠᠯᠠᠭᠤᠴᠤᠳ ᠤᠨ ᠲᠥᠯᠥᠭᠡᠯᠡᠭᠴᠢ ᠲᠤᠰ ᠲᠤᠰ ᠶᠠᠷᠢᠯᠴᠠᠬᠤ ᠬᠤᠷᠠᠯ ᠬᠢᠵᠦ ᠰᠤᠳᠤᠯᠤᠨ ᠶᠠᠷᠢᠯᠴᠠᠪᠠ ᠃      ᠶᠠᠷᠢᠯᠴᠠᠬᠤ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠢᠭᠡᠳ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠶᠢᠰᠢᠳᠠ ᠡᠪᠡᠰᠦᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠡᠪᠡᠰᠦᠨ ᠦᠢᠯᠡᠰ ᠤᠨ ᠦᠢᠯᠡᠳᠪᠦᠷᠢᠯᠡᠯ ᠤᠨ ᠮᠡᠷᠭᠡᠵᠢᠯ ᠪᠠ ᠦᠷ᠎ᠡ ᠪᠦᠲᠦᠭᠡᠯ ᠤᠨ ᠬᠤᠪᠢᠷᠠᠭᠤᠯᠤᠯᠲᠠ ᠵᠡᠷᠭᠡ ᠬᠦᠷᠢᠶᠡᠨ ᠤ ᠲᠣᠭᠤᠷᠢᠨ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠰᠦ ᠰᠠᠭᠠᠯᠢ ᠶᠢᠨ ᠦᠢᠯᠡᠰ ᠤᠨ ᠬᠥᠭᠵᠢᠯᠲᠡ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ ᠃
1.png
 
2.png
3.png
4.png
5.png
6.png
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号