ᠲᠤᠯᠤᠨ ᠨᠠᠭᠤᠷ ᠰᠢᠶᠠᠨ ᠬᠠᠶᠠᠭᠳᠠᠮᠠᠯ ᠪᠦᠷᠬᠦᠪᠴᠢ ᠶᠢ ᠬᠤᠷᠢᠶᠠᠨ ᠠᠰᠢᠬᠯᠠᠵᠤ ᠪᠤᠬᠢᠷᠳᠤᠯ ᠦᠭᠡᠢ ᠲᠠᠷᠢᠶᠠᠯᠠᠩ ᠢ ᠬᠦᠭᠵᠢᠭᠦᠯᠵᠤ ᠪᠤᠢ
ᠨᠡᠶᠢᠲᠡᠯᠡᠭᠰᠡᠨ ᠴᠠᠭ᠄
2022/7/27
      ᠬᠥᠳᠡᠭᠡ ᠲᠤᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠪᠠ ᠲᠠᠷᠢᠶᠠᠯᠠᠩ ᠦᠢᠯᠡᠳᠪᠦᠷᠢᠯᠡᠯ ᠤᠨ ᠠᠮᠤᠷ ᠲᠦᠪᠰᠢᠨ ᠢ ᠬᠠᠮᠠᠭᠠᠯᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠠᠴᠠ ᠪᠣᠯᠤᠭᠰᠠᠨ ᠣᠷᠴᠢᠨ ᠲᠤᠭᠤᠷᠢᠨ ᠤ ᠪᠣᠬᠢᠷᠲᠤᠯ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠤᠯᠤᠨ ᠨᠠᠭᠤᠷ ᠰᠢᠶᠠᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠰᠢᠭᠯᠠᠬᠤ ᠠᠵᠢᠯ ᠢ ᠡᠷᠴᠢᠮᠲᠡᠢ ᠥᠷᠨᠢᠭᠦᠯᠵᠦ᠂ ᠬᠥᠳᠡᠭᠡ ᠲᠤᠰᠬᠤᠨ ᠤ ᠤᠯᠠᠨ ᠲᠦᠮᠡᠨ ᠤ ᠣᠷᠤᠰᠢᠨ ᠰᠠᠭᠤᠬᠤ ᠪᠠ ᠠᠮᠢ ᠠᠬᠤᠢ ᠶᠢᠨ ᠣᠷᠴᠢᠨ ᠲᠤᠭᠤᠷᠢᠨ ᠢ ᠪᠦᠲᠦᠮᠵᠢᠲᠡᠢ ᠰᠠᠶᠢᠵᠢᠷᠠᠭᠤᠯᠪᠠ ᠃      ᠲᠠᠷᠢᠶᠠᠯᠡᠩ ᠳᠤ ᠬᠡᠷᠡᠭᠯᠡᠬᠦ ᠰᠦᠯᠢᠶᠣᠣ ᠪᠦᠷᠬᠦᠪᠴᠢ ᠪᠤᠯ ᠬᠢᠮᠢ ᠶᠢᠨ ᠪᠤᠷᠳᠤᠭᠤᠷ᠂ ᠲᠠᠷᠢᠶᠠᠨ ᠡᠮ᠂ ᠦᠷ᠎ᠡ  ᠲᠠᠢ ᠠᠳᠠᠯᠢ ᠴᠢᠬᠤᠯᠠ ᠲᠠᠷᠢᠶᠠᠯᠠᠩ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠪᠣᠯᠤᠨ᠎ᠠ᠃ ᠭᠡᠪᠡᠴᠦ ᠰᠦᠯᠢᠶᠣᠣ ᠪᠦᠷᠬᠦᠪᠴᠢ ᠲᠤᠮᠤ ᠮᠤᠯᠤᠺᠦ᠋ᠯᠲᠤ ᠨᠢᠭᠡᠳᠪᠦᠷᠢ ᠶᠢᠨ ᠪᠥᠭᠡᠭᠡᠨᠡᠷᠡᠯ ᠡᠲ᠋ᠧᠨ ᠪᠣᠯᠬᠤᠷ ᠦᠯᠦ ᠵᠠᠳᠠᠷᠠᠬᠤ ᠰᠤᠯᠢᠶᠣᠣ ᠳᠤ ᠬᠠᠷᠢᠶᠠᠯᠠᠭᠳᠠᠵᠤ ᠂ ᠬᠡᠷᠡᠭᠯᠡᠭᠰᠡᠨ ᠤ ᠳᠠᠷᠠᠭ᠎ᠠ ᠴᠠᠭ ᠲᠤᠬᠠᠶ  ᠳᠤᠨᠢ ᠬᠤᠷᠢᠶᠠᠨ ᠰᠢᠢᠳᠪᠦᠷᠢᠯᠡᠬᠦ ᠦᠭᠡᠢ ᠪᠣᠯ ᠬᠥᠷᠥᠰᠥ ᠰᠢᠷᠤᠢ ᠶᠢᠨ ᠪᠦᠲᠦᠴᠡ ᠶᠢ ᠬᠤᠪᠢᠷᠠᠭᠤᠯᠵᠤ᠂ ᠲᠠᠷᠢᠮᠠᠯ ᠤᠨ ᠦᠨᠳᠦᠰᠦ ᠶᠢᠨ ᠰᠢᠰᠲ᠋ᠧᠮ ᠤᠨ ᠪᠣᠶᠢᠵᠢᠯᠲᠡ ᠶᠢ ᠨᠥᠯᠥᠭᠡᠯᠡᠨ᠎ᠡ᠃ ᠲᠡᠶᠢᠮᠦ ᠠᠴᠠ ᠰᠦᠯᠢᠶᠣᠣ ᠪᠦᠷᠬᠦᠪᠴᠢ ᠶᠢ ᠵᠦᠢ ᠵᠤᠬᠢᠰᠲᠠᠢ ᠬᠡᠷᠡᠭᠯᠡᠬᠦ ᠪᠠ ᠡᠭᠡᠭᠦᠯᠦᠨ ᠬᠤᠷᠢᠶᠠᠬᠤ ᠶᠢ ᠴᠢᠩᠭᠠᠳᠬᠠᠵᠤ ᠂ ᠲᠠᠷᠢᠶᠠᠨ ᠭᠠᠵᠠᠷ ᠲᠤ ᠭᠡᠭᠡᠭᠳᠡᠵᠦ ᠬᠠᠶᠠᠭᠳᠠᠭᠰᠠᠨ ︽ᠴᠠᠭᠠᠨ ᠦᠡᠭᠭᠡᠳᠤ ᠪᠣᠬᠢᠷᠲᠤᠯ︾ ᠢ ᠴᠠᠭ ᠲᠤᠬᠠᠢ ᠳᠤᠨᠢ ᠰᠡᠷᠭᠡᠶᠢᠯᠡᠨ ᠵᠠᠰᠠᠬᠤ ᠨᠢ ᠲᠠᠷᠢᠶᠠᠯᠠᠩ ᠤᠨ ᠦᠢᠯᠡᠳᠪᠦᠷᠢᠯᠡᠯ ᠤᠨ ᠪᠣᠬᠢᠷᠲᠤᠯ ᠦᠭᠡᠢ ᠬᠦᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃       ᠡᠶᠢᠮᠦᠷᠬᠦ ᠪᠠᠶᠢᠳᠠᠯ ᠳᠤ ᠴᠢᠭᠯᠡᠭᠦᠯᠦᠨ᠂ ᠲᠤᠯᠤᠨ ᠨᠠᠭᠤᠷ ᠰᠢᠶᠠᠨ ᠦᠢᠷ᠎ᠡ ᠶᠢᠨ ᠵᠢᠯ ᠠᠴᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠡᠪᠡᠷᠯᠡᠬᠦ ᠪᠠᠷ ᠭᠤᠣᠯ ᠪᠣᠯᠭᠠᠭᠰᠠᠨ ︽ᠴᠠᠭᠠᠨ ︵ᠬᠠᠷ᠎ᠠ︶ ᠥᠩᠭᠡᠲᠦ ᠪᠣᠬᠢᠷᠲᠤᠯ︾ ᠢ ᠬᠥᠳᠡᠭᠡ ᠠᠵᠤ ᠠᠬᠤᠢ ᠶᠢᠨ ᠠᠮᠢ ᠠᠬᠤᠢ ᠶᠢᠨ ᠣᠷᠴᠢᠨ ᠲᠤᠭᠤᠷᠢᠨ ᠤ ᠵᠠᠰᠠᠯᠲᠠ ᠶᠢ ᠠᠬᠢᠭᠤᠯᠬᠤ᠂ ᠬᠥᠳᠡᠭᠡ ᠠᠵᠤ ᠠᠬᠤᠢ ᠶᠢᠨ ᠦᠷᠭᠦᠯᠵᠢᠯᠡᠬᠦ ᠬᠦᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ ᠂ ᠰᠢᠨ᠎ᠡ ᠡᠭᠦᠳᠦᠯᠳᠡ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠬᠤ ᠶᠢ ᠢᠮᠠᠭᠲᠠ ᠪᠠᠷᠢᠮᠳᠠᠯᠠᠭᠰᠠᠭᠠᠷ ᠢᠷᠡᠵᠠᠢ᠃ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠲᠣᠣᠷ ᠴᠡᠭ᠂ ᠲᠠᠷᠢᠶᠠᠴᠢᠨ ᠡᠷᠦᠬᠡ ᠵᠡᠷᠭᠡ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠰᠢᠬᠯᠠᠬᠤ ᠬᠡᠮᠵᠢᠶ᠎ᠡ ᠶᠢ ᠳᠡᠭᠡᠭᠰᠢᠯᠡᠭᠦᠯᠦᠨ ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ︽ᠬᠤᠷᠢᠶᠠᠨ ᠰᠢᠢᠳᠪᠦᠷᠢᠯᠡᠬᠦ︾ ᠶᠢ ᠦᠨᠡᠨ ᠬᠦ ᠪᠠᠲᠤᠯᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠵᠤ ᠠᠰᠢᠭᠯᠠᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠦᠨᠳᠦᠷ ᠪᠠᠷᠢᠮᠵᠢᠶ᠎ᠡ ᠪᠠᠷ ᠴᠢᠨᠠᠷᠳᠠᠢ  ᠰᠠᠶᠢᠲᠠᠢ ᠬᠢᠵᠤ ᠪᠣᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号