ᠠᠷᠪᠠᠨ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠰᠦ ᠶᠢᠨ ᠦᠢᠯᠡᠰ ᠤᠨ ᠦᠵᠡᠰᠭᠦᠯᠡᠩ ᠤᠨ ᠴᠤᠭᠯᠠᠭᠠᠨ ᠵᠢᠴᠢ ᠲᠦᠷᠦᠭᠦᠴᠦᠳ ᠤᠨ ᠶᠠᠷᠢᠶᠠᠨ ᠤ ᠲᠠᠪᠴᠠᠩ ᠬᠦᠬᠡᠬᠤᠳᠠ ᠳᠤ ᠶᠠᠪᠤᠬᠳᠠᠵᠡᠢ
ᠨᠡᠶᠢᠲᠡᠯᠡᠭᠰᠡᠨ ᠴᠠᠭ᠄
2022/7/27
      7 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠰᠦ ᠶᠢᠨ ᠦᠢᠯᠡᠰ ᠤᠨ ᠨᠡᠶᠢᠭᠡᠮᠯᠢᠭ ᠂ ᠥᠪᠥᠷ ᠮᠣᠩᠭᠤᠯ ᠤᠨ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰᠵᠢᠯᠳᠠ ᠶᠢᠨ ᠳᠠᠭᠠᠭᠤᠯᠤᠬᠴᠢ ᠠᠵᠤ ᠠᠬᠤᠶᠢᠯᠠᠯ ᠤᠨ ᠨᠡᠶᠢᠭᠡᠮᠯᠢᠭ ᠵᠡᠷᠭᠡ ᠠᠴᠠ ᠭᠤᠤᠯᠯᠠᠨ ᠡᠷᠭᠢᠯᠡᠵᠦ᠂ ᠬᠥᠬᠡᠬᠤᠲᠠ ᠶᠢᠨ ᠠᠢ ᠺᠧ ᠰᠧ ᠪᠦᠸᠧ ᠬᠤᠷᠠᠯ ᠦᠵᠡᠰᠭᠦᠯᠡᠩ ᠤᠨ ᠬᠢᠵᠠᠭᠠᠷᠲᠤ ᠺᠣᠮᠫᠠᠨᠢ ᠪᠤᠯᠤᠨ ︽ᠰᠦ ᠶᠢᠨ ᠦᠢᠯᠡᠰ ᠤᠨ ᠴᠠᠭ ᠤᠨ ᠰᠣᠨᠢᠨ︾ ᠠᠴᠠ ᠬᠠᠮᠳᠤᠷᠠᠵᠤ ᠳᠠᠭᠠᠭᠠᠴᠢᠯᠠᠨ ᠡᠷᠬᠢᠯᠡᠭᠰᠡᠨ ᠠᠷᠪᠠᠨ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠰᠦ ᠶᠢᠨ ᠦᠢᠯᠡᠰ ᠤᠨ ᠦᠵᠡᠰᠭᠦᠯᠡᠩ ᠤᠨ ᠴᠤᠭᠯᠠᠭᠠᠨ ᠵᠢᠴᠢ ᠲᠦᠷᠦᠭᠦᠴᠦᠳ ᠤᠨ ᠶᠠᠷᠢᠶᠠᠨ ᠤ ᠲᠠᠪᠴᠠᠩ ᠬᠦᠬᠡᠬᠤᠳᠠ ᠳᠤ ᠡᠬᠢᠯᠡᠪᠡ᠃ ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠪᠠ ᠶᠠᠷᠢᠶᠠᠨ ᠤ ᠳᠠᠪᠴᠠᠩ ᠨᠢ ︽ ᠬᠦᠭᠵᠢᠯᠲᠡ ᠶᠢᠨ ᠰᠢᠨ᠎ᠡ ᠣᠶᠢᠯᠠᠭᠠᠭᠳᠠᠬᠤᠨ ᠳᠤ ᠠᠩᠬᠠᠷᠤᠯ ᠢᠶᠠᠨ ᠲᠥᠪᠯᠡᠷᠡᠭᠦᠯᠦᠨ ᠰᠦ ᠶᠢᠨ ᠦᠢᠯᠡᠰ ᠤᠨ ᠰᠢᠨ᠎ᠡ ᠲᠠᠰ ᠳᠠᠪᠰᠢᠯᠲᠡ ᠳᠤ ᠬᠦᠴᠦᠨ ᠨᠡᠮᠡᠷᠢᠯᠡᠶ᠎ᠡ︾ ᠪᠠᠷ ᠭᠤᠤᠯ ᠰᠡᠳᠦᠪ ᠪᠤᠯᠭᠠᠵᠠᠢ᠃      ᠰᠦᠯᠵᠢᠶᠡᠨ ᠤ ᠰᠢᠭᠤᠳ ᠨᠡᠪᠳᠡᠷᠡᠭᠦᠯᠭᠡ ᠪᠠ ᠲᠤᠬᠠᠢ ᠶᠢᠨ ᠲᠠᠯᠠᠪᠠᠢ ᠶᠢᠨ ᠠᠵᠢᠯᠯᠠᠭ᠎ᠠ ᠶᠢ ᠤᠶᠠᠯᠳᠤᠭᠤᠯᠬᠤ ᠬᠡᠯᠪᠡᠷᠢ ᠪᠠᠷ 2 ᠡᠳᠦᠷ ᠤᠨ ᠬᠤᠭᠤᠴᠠᠭ᠎ᠠ ᠲᠠᠢ ᠶᠠᠪᠤᠬᠳᠠᠭᠰᠠᠨ ᠰᠦ ᠶᠢᠨ ᠦᠢᠯᠡᠰ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠡᠯ᠎ᠡ ᠲᠠᠯ᠎ᠠ ᠶᠢᠨ ᠲᠤᠰᠬᠠᠢ ᠮᠡᠷᠭᠡᠵᠢᠯᠲᠡᠨ ᠠᠴᠠ ᠠᠵᠢᠯ ᠲᠥᠷᠥᠯ ᠤᠨ ᠬᠠᠮᠤᠭ ᠰᠢᠨ᠎ᠡ ᠬᠠᠯᠠᠮᠰᠢᠯ ᠰᠡᠳᠦᠪ ᠤᠨ ᠲᠤᠬᠠᠢ ᠦᠵᠡᠯᠳᠡ ᠲᠠᠨᠢᠯᠳᠠ ᠪᠠᠨ ᠬᠤᠪᠢᠶᠠᠯᠴᠠᠵᠤ᠂ ᠠᠵᠢᠯ ᠲᠥᠷᠥᠯ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠭᠠᠵᠠᠷ ᠤᠨ ᠰᠦ ᠶᠢᠨ ᠦᠢᠯᠡᠰ ᠤᠨ ᠨᠡᠶᠢᠭᠡᠮᠯᠢᠭ ᠤᠨ ᠬᠠᠷᠢᠭᠤᠴᠠᠯᠭᠠᠲᠠᠨ᠂ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯ ᠤᠨ ᠲᠦᠯᠦᠭᠡᠯᠡᠭᠴᠢ ᠂ ᠮᠠᠯᠵᠢᠯ ᠤᠨ ᠲᠠᠯᠠᠪᠠᠶ ᠶᠢᠨ ᠠᠵᠢᠯᠲᠠᠨ ᠵᠡᠷᠭᠡ 1000 ᠰᠢᠬᠠᠮ ᠬᠦᠮᠦᠨ ᠬᠤᠷᠠᠯ ᠳᠤ ᠤᠷᠤᠯᠴᠠᠵᠦ᠂ ᠰᠢᠭᠤᠳ ᠨᠡᠪᠳᠡᠷᠡᠭᠦᠯᠭᠡ ᠶᠢ ᠬᠦᠯᠢᠶᠡᠨ ᠠᠪᠴᠤ ᠦᠵᠡᠭᠰᠡᠨ ᠬᠦᠮᠦᠨ ᠤ ᠲᠤᠭ᠎ᠠ 100 ᠲᠦᠮᠡ ᠶᠢ ᠳᠠᠪᠠᠵᠠᠢ᠃ ᠲᠣᠰ ᠬᠤᠭᠤᠴᠠᠭᠠᠨ ᠤ ᠲᠤᠰᠬᠠᠢ ᠰᠡᠳᠦᠪᠲᠦ ᠶᠠᠷᠢᠶᠠᠨ ᠤ ᠲᠠᠪᠴᠠᠩ ᠨᠢ ᠰᠦ ᠶᠢᠨ ᠦᠢᠯᠡᠰ ᠤᠨ ᠲᠡᠵᠢᠭᠡᠨ ᠠᠷᠠᠴᠢᠯᠠᠬᠤ ᠥᠪᠡᠷ ᠤᠨ ᠥᠷᠲᠡᠭ ᠥᠨᠳᠥᠷ᠂ ᠰᠠᠭᠠᠯᠢ ᠶᠢᠨ ᠦᠨᠢᠶᠡᠨ ᠤ ᠬᠠᠮᠢᠶᠠᠷᠤᠯᠲᠠ ᠨᠠᠷᠢᠯᠢᠭ ᠪᠢᠰᠢ ᠵᠡᠷᠭᠡ ︽ᠪᠤᠭᠤᠮᠢ︾ ᠠᠰᠠᠭᠤᠳᠠᠯ ᠳᠤ ᠴᠢᠭᠯᠡᠭᠦᠯᠦᠨ 10 ᠭᠠᠷᠤᠶ ᠲᠠᠯᠠᠪᠠᠶ ᠲᠤᠰᠬᠠᠢ ᠰᠡᠳᠦᠪᠲᠦ ᠮᠡᠳᠡᠭᠦᠯᠦᠯᠲᠡ ᠶᠢ ᠡᠷᠬᠢᠯᠡᠨ ᠶᠠᠪᠤᠭᠳᠠᠭᠤᠯᠵᠤ᠂ ᠦᠢᠯᠡᠳᠬᠦᠨ ᠢᠶᠠᠨ ᠡᠳ᠋ᠰᠢᠭᠦᠯᠬᠦ ᠂ ᠮᠡᠷᠭᠡᠵᠢᠯ ᠤᠨ ᠰᠢᠨ᠎ᠡ ᠶᠢ ᠡᠭᠦᠳᠬᠦ᠂ ᠨᠡᠭᠦᠷᠡᠰᠦᠳᠦᠷᠦᠭᠴᠢ ᠪᠠᠭ᠎ᠠ ᠭᠠᠳᠠᠭᠰᠢᠯᠠᠭᠤᠯᠬᠤ ᠬᠦᠭᠵᠢᠯᠲᠡ ᠵᠡᠷᠭᠡ ᠠᠰᠠᠭᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠠᠢ᠃      ᠰᠦ ᠶᠢᠨ ᠦᠢᠯᠡᠰ ᠤᠨ ᠦᠵᠡᠰᠭᠦᠯᠡᠩ ᠤᠨ ᠴᠤᠭᠯᠠᠭᠠᠨ ᠨᠢ 7 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠦᠪ ᠲᠤ ᠶᠠᠪᠤᠭᠳᠠᠵᠤ᠂ ᠰᠢᠨ᠎ᠡ ᠪᠦᠲᠦᠭᠡᠭᠳᠡᠭᠦᠨ ᠨᠦᠭᠦᠳ ᠢᠶᠠᠨ ᠡᠩᠨᠡᠷᠡᠭᠦᠯᠦᠨ ᠳᠡᠯᠭᠡᠭᠰᠡᠨ ᠢᠯᠢ ᠪᠦᠯᠦᠭᠯᠡᠯ ᠂ ᠮᠧᠩ ᠨᠢᠦ ᠪᠦᠯᠦᠭᠯᠡᠯ ᠵᠢᠴᠢ ᠬᠠᠰᠢᠶᠠᠯᠠᠨ ᠮᠠᠯᠵᠢᠬᠤ᠂ ᠬᠡᠪᠴᠢᠶᠡᠵᠢᠬᠦᠯᠦᠨ ᠮᠠᠯᠵᠢᠬᠤ ᠳᠤ ᠬᠡᠷᠡᠭᠰᠡᠬᠦ ᠮᠠᠯ ᠤᠨ ᠬᠠᠰᠢᠶ᠎ᠠ ᠰᠠᠷᠠᠪᠴᠢ᠂ ᠮᠠᠯ ᠤᠨ ᠲᠡᠵᠢᠭᠡᠯ ᠪᠤᠷᠳᠤᠭ᠎ᠠ ᠶᠢᠨ ᠰᠠᠪᠠ ᠰᠠᠭᠤᠯᠭ᠎ᠠ᠂ ᠮᠠᠯ ᠤᠨ ᠡᠮ ᠤᠨ ᠵᠦᠢᠯᠡᠰ ᠪᠠ ᠮᠠᠯ ᠤᠨ ᠡᠷᠡᠭᠦᠯ ᠤᠨ ᠪᠠᠶᠢᠴᠠᠭᠠᠯᠲᠠ ᠶᠢᠨ ᠪᠠᠭᠠᠵᠢ ᠬᠡᠷᠡᠭᠰᠡᠯ ᠦᠢᠯᠡᠳᠬᠦ ᠬᠠᠮᠢᠶ᠎ᠠ ᠪᠦᠬᠦᠢ ᠠᠵᠤ ᠠᠬᠤᠶᠢᠯᠠᠯ ᠤᠳ ᠢ ᠪᠠᠭᠳᠠᠭᠠᠬᠰᠠᠨ ᠨᠠᠶᠢᠲᠡ 200 ᠭᠠᠷᠤᠶ ᠠᠵᠤ ᠠᠬᠤᠶᠢᠯᠠᠯ ᠣᠷᠣᠯᠴᠠᠪᠡ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号