ᠦᠬᠠᠢ ᠬᠤᠲᠠ 2022 ᠣᠨ ᠤ ᠦᠵᠦᠮ ᠤᠨ ︽ᠴᠢᠬᠢ ᠦᠵᠡᠵᠦ ᠦᠷ᠎ᠡ ᠰᠣᠩᠭᠤᠬᠤ ᠲᠠᠪᠴᠠᠩ︾ ᠤᠨ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/7/28
      7 ᠰᠠᠷ᠎ᠠ ᠶᠢᠨ 26 ᠤ ᠡᠳᠦᠷ᠂ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠦᠬᠠᠢ ᠬᠤᠲᠠ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠠᠴᠠ ᠳᠠᠭᠠᠭᠠᠴᠢᠯᠠᠨ ᠡᠷᠭᠢᠯᠡᠭᠰᠡᠨ 2022 ᠣᠨ ᠤ ︽ᠴᠢᠬᠢ ᠦᠵᠡᠵᠦ ᠦᠷ᠎ᠡ ᠰᠣᠩᠭᠤᠬᠤ ᠲᠠᠪᠴᠠᠩ︾ ᠤᠨ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠴᠤᠭᠯᠠᠭᠠᠨ ᠦᠬᠠᠢ ᠬᠤᠲᠠ ᠶᠢᠨ ᠶᠠᠩ ᠭᠤᠸᠠᠩ ᠲᠢᠶᠠᠨ ᠢᠦᠢ ᠣᠯᠠᠨ ᠤᠯᠤᠰ ᠤᠨ ᠠᠷᠢᠬᠢᠨ ᠪᠠᠭᠤᠳᠠᠯ ᠳᠤ ᠶᠠᠪᠤᠭᠳᠠᠪᠠ᠃ ᠬᠤᠲᠠ᠂ ᠲᠣᠭᠤᠷᠢᠭ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠮᠡᠷᠭᠡᠵᠢᠯᠲᠡᠨ᠂ ᠲᠠᠷᠢᠮᠠᠯ ᠤᠨ ᠲᠣᠮᠣ ᠡᠷᠦᠬᠡ᠂ ᠲᠠᠷᠢᠮᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ 50 ᠰᠢᠬᠠᠮ ᠬᠥᠮᠥᠨ ᠠᠵᠢᠯᠯᠠᠭ᠎ᠠ ᠳᠤ ᠣᠷᠤᠯᠴᠠᠪᠠ᠃      ᠦᠵᠡᠭᠦᠯᠦᠯᠭᠡ ᠶᠢᠨ ᠴᠤᠭᠯᠠᠭᠠᠨ ᠤ ᠲᠤᠬᠠᠢ ᠶᠢᠨ ᠲᠠᠯᠠᠪᠤᠷ ᠲᠤ᠂ ᠶᠠᠩ ᠭᠤᠸᠠᠩ ᠲᠢᠶᠠᠨ ᠢᠦᠢ ᠤᠯᠠᠨ ᠤᠯᠤᠰ ᠤᠨ ᠠᠷᠢᠬᠢᠨ ᠪᠠᠭᠤᠳᠠᠯ ᠤᠨ ᠬᠠᠷᠢᠭᠤᠴᠠᠯᠭᠠᠲᠠᠨ ︽ᠦᠬᠠᠢ ᠬᠤᠳᠠ ᠶᠢᠨ ᠦᠵᠦᠮ ᠤᠨ ︿ᠴᠢᠬᠢ ᠦᠵᠡᠵᠦ ᠦᠷ᠎ᠡ ᠰᠣᠩᠭᠤᠬᠤ ᠲᠠᠪᠴᠠᠩ﹀ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ︾  ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ︽ᠴᠢᠬᠢ ᠦᠵᠡᠵᠦ ᠦᠷ᠎ᠡ ᠰᠣᠩᠭᠤᠬᠤ ᠲᠠᠪᠴᠠᠩ︾ ᠤᠨ ᠲᠠᠷᠢᠮᠠᠯ ᠤᠨ ᠶᠡᠷᠦᠩᠬᠡᠢ ᠲᠠᠯᠠᠪᠠᠶ ᠨᠢ 110 ᠮᠦ᠂ ᠲᠤᠷᠰᠢᠯᠲᠠ ᠶᠢᠨ ᠲᠥᠷᠥᠯ ᠵᠦᠢᠯ ᠨᠢ 30 ᠪᠣᠶ᠃ ᠮᠡᠷᠭᠡᠵᠢᠯᠲᠡᠨ ᠠᠴᠠ ᠡᠯ᠎ᠡ ᠲᠦᠷᠦᠯ ᠤᠨ ᠤᠷᠭᠤᠴᠠ ᠶᠢᠨ ᠪᠠᠶᠢᠳᠠᠯ᠂ ᠲᠠᠷᠢᠶᠠᠨ ᠤ ᠢᠯᠡᠷᠡᠯ᠂ ᠣᠨᠴᠠᠯᠢᠭ ᠰᠢᠨᠵᠢ ᠵᠡᠷᠭᠡ ᠶᠢ ᠨᠠᠷᠢᠨ ᠨᠢᠭᠲᠠ ᠲᠠᠨᠢᠯᠴᠠᠭᠤᠯᠤᠨ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠳ ᠰᠣᠨᠣᠰᠬᠤ ᠶᠢᠨ ᠳᠠᠭᠠᠤ ᠦᠵᠡᠭᠦᠯᠦᠯᠭᠡ ᠶᠢᠨ ᠲᠦᠷᠦᠯ ᠵᠦᠢᠯ ᠢ ᠨᠠᠷᠢᠨ ᠬᠢᠨᠠᠮᠠᠭᠠᠢ ᠰᠣᠨᠢᠷᠬᠠᠨ ᠬᠠᠷᠢᠴᠠᠭᠤᠯᠬᠤ ᠶᠢᠨ ᠬᠠᠮᠲᠤ ᠦᠵᠡᠭᠦᠯᠦᠯᠭᠡ ᠳᠤ ᠣᠷᠣᠯᠴᠠᠭᠰᠠᠨ ᠲᠦᠷᠦᠯ ᠵᠦᠢᠯ ᠤᠨ ᠡᠯᠪᠡᠭ ᠬᠤᠷᠢᠶᠠᠯᠲᠠ ᠲᠠᠢ ᠴᠢᠨᠠᠷ᠂ ᠵᠣᠬᠢᠴᠠᠬᠤ ᠴᠢᠨᠠᠷ᠂ ᠰᠥᠷᠬᠦ ᠶᠢ ᠡᠰᠡᠷᠭᠦᠴᠡᠬᠦ ᠴᠢᠨᠠᠷ ᠵᠢᠴᠢ ᠶᠠᠰᠤ ᠴᠢᠨᠠᠷ ᠲᠤ ᠦᠨᠡᠯᠡᠯᠲᠡ ᠬᠢᠪᠡ᠃ ᠡᠭᠦᠨ ᠤ ᠬᠠᠮᠲᠤ᠂ ᠪᠠᠰᠠ ᠲᠥᠬᠦᠭᠡᠷᠦᠮᠵᠢᠲᠦ ᠦᠵᠦᠮ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃      ᠲᠠᠷᠢᠶᠠᠨ ᠭᠠᠵᠠᠷ ᠤᠨ ︽ᠴᠢᠬᠢ ᠦᠵᠡᠵᠦ ᠦᠷ᠎ᠡ ᠰᠣᠩᠭᠤᠬᠤ ᠲᠠᠪᠴᠠᠩ︾ ᠤᠨ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠪᠣᠯᠪᠠᠰᠤᠷᠠᠭᠤᠯᠤᠯ ᠤᠨ ᠴᠤᠭᠯᠠᠭᠠᠨ ᠢ ᠥᠷᠨᠢᠭᠦᠯᠬᠦ ᠪᠠᠷ ᠳᠠᠮᠵᠢᠭᠤᠯᠤᠨ᠂ ᠲᠠᠷᠢᠮᠠᠯ ᠤᠨ ᠲᠣᠮᠣ ᠡᠷᠦᠬᠡ ᠪᠠ ᠲᠠᠷᠢᠶᠠᠴᠢᠳ ᠤᠨ ᠥᠪᠡᠷ ᠤᠨ ᠳᠠᠷᠢᠬᠤ ᠳᠤ ᠲᠣᠬᠢᠷᠠᠬᠤ ᠰᠢᠯᠢᠳᠡᠭ ᠡᠭᠦᠯᠳᠡᠷ ᠢ ᠰᠢᠭᠤᠳ ᠰᠣᠩᠭᠤᠬᠤ ᠳᠤ ᠲᠥᠬᠦᠮ ᠪᠣᠯᠭᠠᠬᠤ ᠶᠢᠨ ᠬᠠᠮᠲᠤ ᠠᠵᠤ ᠠᠬᠤᠶᠢᠯᠠᠯ ᠤᠨ ᠰᠠᠶᠢᠨ ᠡᠭᠦᠯᠳᠡᠷ ᠢ ᠡᠵᠡᠩᠨᠡᠨ ᠪᠣᠷᠣᠯᠠᠭᠤᠯᠬᠤ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠠᠶᠢᠨ ᠡᠭᠦᠯᠳᠡᠷ ᠢ ᠲᠠᠨᠢᠯᠴᠠᠭᠤᠯᠬᠤ ᠳᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠥᠭᠭᠦᠭᠰᠡᠨ ᠪᠠᠶᠢᠨ᠎ᠠ᠃
图片1.png
图片2.png
图片3.png
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号