ᠳᠤᠮᠳᠠᠳᠤ ᠤᠯᠤᠰ ᠤᠨ ᠳᠠᠯᠠᠢ ᠲᠠᠩᠭᠢᠰ ᠤᠨ ᠶᠡᠭᠡ ᠰᠤᠷᠭᠠᠭᠤᠯᠢ ᠵᠡᠷᠭᠡ ᠨᠢᠭᠡᠴᠢ ᠶᠢᠨ ᠲᠤᠰᠬᠠᠢ ᠮᠡᠷᠭᠡᠵᠢᠯᠲᠡᠨ ᠮᠠᠨ ᠤ ᠣᠷᠣᠨ ᠤ ᠬᠤᠵᠢᠷᠯᠢᠭ ᠤᠰᠤᠨ ᠣᠷᠣᠨ ᠢ ᠶᠡᠷᠦᠩᠬᠡᠶᠢᠯᠡᠨ ᠠᠰᠢᠭᠯᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/7/28
      2022 ᠣᠨ ᠤ 7 ᠰᠠᠷ᠎ᠠ ᠶᠢᠨ 20 ︱ 21 ᠤ ᠡᠳᠦᠷ᠂ ᠳᠤᠮᠳᠠᠳᠤ ᠤᠯᠤᠰ ᠤᠨ ᠳᠠᠯᠠᠶ ᠲᠠᠩᠭᠢᠰ ᠤᠨ ᠶᠡᠭᠡ ᠰᠤᠷᠭᠠᠭᠤᠯᠢ ᠶᠢᠨ ᠤᠰᠤᠨ ᠭᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠸᠧᠨ ᠬᠠᠢ ᠱᠧᠨ ᠫᠷᠤᠹᠧᠰᠰᠤᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠯᠠᠶ ᠲᠠᠩᠭᠢᠰ ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠯᠢ ᠵᠢᠶᠦ᠋ᠨ᠂ ᠳᠤᠮᠳᠠᠳᠤ ᠤᠯᠤᠰ ᠤᠨ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠸᠠᠩ ᠬᠠᠢ ᠤᠰᠤᠨ ᠭᠠᠷᠤᠯᠲᠠ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠰᠢᠦᠢ ᠶᠦᠩ ᠵᠢᠶᠠᠩ ᠨᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠠᠷᠤᠭ᠎ᠠ ᠫᠧᠩ ᠪᠧᠨ ᠴᠦ᠋ ᠶᠢᠨ ᠪᠠᠷ᠎ᠠ ᠪᠣᠯᠣᠯᠭ᠎ᠠ ᠲᠠᠢ ᠪᠠᠷ ᠣᠷᠳᠣᠰ ᠬᠤᠲᠠ ᠳᠤ ᠬᠦᠷᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠤᠰᠤᠨ ᠤ ᠴᠠᠷᠠᠭ᠎ᠠ ᠶᠢ ᠶᠡᠷᠦᠩᠬᠡᠶᠢᠯᠡᠨ ᠠᠰᠢᠭᠯᠠᠭᠰᠠᠨ ᠪᠠᠶᠢᠳᠠᠯ ᠢ ᠪᠠᠶᠢᠴᠠᠭᠠᠨ ᠰᠤᠳᠤᠯᠵᠤ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠲᠠᠯᠠᠳ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠮᠡᠷᠭᠡᠵᠢᠯ ᠤᠨ ᠠᠵᠢᠯᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃      ᠭᠠᠵᠠᠷ ᠤᠨ ᠳᠠᠷᠤᠭ᠎ᠠ ᠫᠧᠩ ᠪᠧᠨ ᠴᠦ᠋  ᠠᠴᠠ ᠸᠧᠨ ᠬᠠᠢ ᠱᠧᠨ ᠫᠷᠤᠹᠧᠰᠰᠤᠷ ᠨᠠᠷ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠤᠰᠤᠨ ᠤ ᠡᠬᠢ ᠪᠠᠶᠠᠯᠢᠭ ᠂ ᠠᠰᠢᠭᠯᠠᠯᠲᠠ ᠶᠢᠨ ᠣᠳᠣᠬᠢ ᠪᠠᠶᠢᠳᠠᠯ ᠢ ᠲᠠᠨᠢᠯᠴᠠᠭᠤᠯᠪᠠ ᠃ ᠣᠷᠳᠣᠰ ᠬᠤᠳᠠ ᠶᠢᠨ ᠬᠤᠵᠢᠷᠯᠢᠭ ᠤᠰᠤᠨ ᠣᠷᠣᠨ ᠢ ᠶᠡᠷᠦᠩᠬᠡᠶᠢᠯᠡᠨ ᠨᠡᠭᠡᠭᠡᠨ ᠠᠰᠢᠭᠯᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠬᠤᠯᠪᠣᠭᠳᠠᠯ ᠪᠦᠬᠦᠢ ᠵᠥᠪᠯᠡᠬᠦ ᠵᠦᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂  ᠵᠢᠭᠠᠰᠤ  ᠲᠡᠵᠢᠭᠡᠨ  ᠬᠤᠵᠢᠷᠰᠢᠯ ᠢ  ᠦᠭᠡᠷᠡᠴᠢᠯᠡᠬᠦ ᠂ ᠵᠢᠭᠠᠰᠤ ᠲᠤᠲᠤᠷᠭ᠎ᠠ ᠶᠢ ᠶᠡᠷᠦᠩᠬᠡᠶᠢᠯᠡᠨ ᠲᠠᠷᠢᠵᠦ ᠲᠡᠵᠢᠭᠡᠬᠦ ᠂ ᠬᠤᠵᠢᠷ ᠲᠤ ᠲᠡᠰᠪᠦᠷᠢᠲᠡᠢ ᠡᠭᠦᠯᠳᠡᠷ ᠢ ᠰᠣᠩᠭᠤᠨ ᠪᠣᠶᠢᠵᠢᠭᠤᠯᠬᠤ ᠂ ᠬᠤᠵᠢᠷᠯᠢᠭ ᠤᠰᠤᠨ ᠣᠷᠣᠨ ᠤ ᠪᠣᠬᠢᠷᠳᠤᠯ ᠦᠭᠡᠢ ᠥᠨᠳᠥᠷ ᠦᠷ᠎ᠡ ᠠᠰᠢᠭ ᠲᠠᠢ ᠲᠡᠵᠢᠭᠡᠨ ᠦᠷᠡᠵᠢᠭᠦᠯᠬᠦ ᠵᠠᠭᠪᠤᠷ ᠢ ᠪᠠᠶᠢᠭᠤᠯᠬᠤ ᠵᠡᠷᠭᠡ ᠲᠠᠯ᠎ᠠ ᠪᠠᠷ ᠮᠠᠰᠢ ᠰᠠᠶᠢᠨ ᠰᠠᠨᠠᠭᠤᠯᠭ᠎ᠠ ᠳᠤᠷᠠᠳᠴᠠᠢ ᠃ ᠲᠠᠯᠠᠳ ᠬᠤᠰᠢᠭᠤᠨ ᠤ ᠥᠪᠥᠷ ᠮᠣᠩᠭᠤᠯ ᠤᠨ ᠬᠠᠲᠤᠨ ᠭᠤᠣᠯ ᠳᠠᠭᠠᠤ ᠶᠢᠨ ᠯᠢᠶᠠᠨ ᠨᠦᠩ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠧᠩ ᠾᠧ ᠴᠢᠩ ᠲᠠᠷᠢᠶᠠᠯᠠᠭ᠎ᠠ ᠲᠡᠵᠢᠭᠡᠨ ᠦᠷᠡᠵᠢᠭᠦᠯᠭᠡ ᠶᠢᠨ ᠲᠤᠰᠬᠠᠢ ᠬᠤᠷᠰᠢᠶ᠎ᠠ ᠳᠤ᠂ ᠳ᠋ᠦᠩ ᠬᠠᠢ ᠰᠢᠨ ᠲᠠᠷᠢᠶᠠᠯᠠᠩ ᠤᠨ ᠰᠢᠨ᠎ᠡ ᠮᠠᠶ᠋ᠢᠭ ᠤᠨ ᠲᠤᠰᠬᠠᠢ ᠬᠤᠷᠰᠢᠶ᠎ᠠ ᠳᠤ ᠫᠷᠤᠹᠧᠰᠰᠤᠷ ᠸᠧᠨ ᠬᠠᠢ ᠱᠧᠨ ᠨᠠᠷ ᠲᠤᠬᠠᠢ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠤᠭᠰᠠᠨ ᠤ ᠬᠠᠮᠲᠤ᠂ ᠣᠷᠣᠭᠤᠯᠤᠨ ᠠᠪᠴᠢᠷᠠᠭᠰᠠᠨ ᠬᠤᠵᠢᠷ ᠲᠤ ᠲᠡᠰᠪᠦᠷᠢᠲᠡᠢ ᠡᠭᠦᠯᠳᠡᠷ ︱ ᠲᠡᠯᠡᠶ ᠶᠢᠨ ᠠᠯᠠᠭᠠᠨ᠎ᠠ ᠶᠢᠨ ᠤᠷᠭᠤᠯᠲᠠ ᠶᠢᠨ ᠪᠠᠶᠢᠳᠠᠯ ᠤᠨ ᠲᠤᠬᠠᠢ ᠬᠡᠮᠵᠢᠯᠲᠡ ᠬᠢᠵᠦ᠂ ᠲᠡᠵᠢᠭᠡᠨ ᠦᠷᠡᠵᠢᠭᠦᠯᠬᠦ ᠶᠠᠪᠤᠴᠠ ᠳᠠᠬᠢ ᠵᠠᠷᠢᠮ ᠮᠡᠷᠭᠡᠵᠢᠯ ᠤᠨ ᠬᠦᠴᠢᠷ ᠠᠰᠠᠭᠤᠳᠠᠯ ᠳᠤ ᠬᠠᠷᠢᠭᠤᠯᠲᠠ ᠥᠭᠴᠡᠢ᠃
1.png
 
2.png
      ᠸᠧᠨ ᠬᠠᠢ ᠱᠧᠨ ᠫᠷᠤᠹᠧᠰᠰᠤᠷ ᠨᠠᠷ ᠲᠤᠬᠠᠢ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠢᠶᠠᠨ ᠰᠣᠯᠢᠯᠴᠠᠪᠠ 
3.png
      ᠸᠧᠨ ᠬᠠᠢ ᠱᠧᠨ ᠫᠷᠤᠹᠧᠰᠰᠤᠷ ᠤᠨ ᠬᠦᠴᠦᠲᠡᠢ ᠳᠡᠮᠵᠢᠯᠭᠡ ᠳᠣᠣᠷ᠎ᠠ ᠮᠧᠩ ᠾᠧ ᠴᠢᠩ ᠲᠠᠷᠢᠶᠠᠯᠠᠭ᠎ᠠ ᠲᠡᠵᠢᠭᠡᠨ ᠦᠷᠡᠵᠢᠭᠦᠯᠭᠡ ᠶᠢᠨ ᠲᠤᠰᠬᠠᠢ ᠬᠤᠷᠰᠢᠶ᠎ᠠ ᠶᠢᠨ ᠣᠷᠣᠭᠤᠯᠤᠨ ᠠᠪᠴᠢᠷᠠᠭᠰᠠᠨ ᠬᠤᠵᠢᠷ ᠲᠤ ᠲᠡᠰᠪᠦᠷᠢᠲᠡᠢ ᠡᠭᠦᠯᠳᠡᠷ ︱ ᠲᠡᠯᠡᠶ ᠶᠢᠨ ᠠᠯᠠᠭᠠᠨ᠎ᠠ ᠶᠢᠨ ᠦᠰᠦᠯᠲᠡ ᠮᠠᠰᠢ ᠰᠠᠶᠢᠨ ᠪᠠᠶᠢᠨ᠎ᠠ  
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号