ᠮᠠᠨ ᠤ ᠤᠷᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠡᠲᠦᠷᠡᠲᠡᠯ᠎ᠡ ᠤᠰᠤ ᠬᠡᠷᠡᠭᠯᠡᠬᠦ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2022/7/28
      ᠮᠠᠨ ᠤ ᠤᠷᠤᠨ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠪᠣᠬᠢᠷᠲᠤᠯ ᠥᠬᠡᠶ ᠬᠦᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ᠂ ᠠᠷᠪᠢᠯᠠᠨ ᠠᠰᠢᠭᠯᠠᠬᠤ ᠪᠠ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠬᠦᠴᠦᠯᠡᠨ ᠠᠳᠬᠤᠵᠤ ᠂ ᠤᠰᠤᠨ ᠤ ᠡᠷᠬᠡ ᠶᠢ  ᠰᠢᠯᠵᠢᠭᠦᠯᠦᠨ ᠦᠭᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠠᠮᠵᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠡᠲᠦᠷᠡᠲᠡᠯ᠎ᠡ ᠤᠰᠤ ᠬᠡᠷᠡᠭᠯᠡᠬᠦ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ ᠃       ᠣᠶᠢᠯᠠᠭᠠᠭᠰᠠᠨ ᠢᠶᠠᠷ ᠂ 2021 ᠣᠨ ᠳᠤ ᠮᠠᠨ ᠤ ᠣᠷᠣᠨ ᠤ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠪᠤᠯᠤᠨ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠪᠠᠶᠠᠯᠠᠭᠦᠯᠬᠦ ᠳᠤ ᠬᠡᠷᠡᠭᠯᠡᠭᠰᠡᠨ ᠤᠰᠤᠨ ᠤ ᠬᠡᠮᠵᠢᠶ᠎ᠡ ᠲᠣᠰ ᠲᠣᠰ 2015 ᠣᠨ ᠤ ᠬᠢ ᠠᠴᠠ 26% ᠪᠠ 47% ᠪᠠᠷ ᠪᠠᠭᠤᠷᠠᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠬᠡᠮᠵᠢᠶ᠎ᠡ 2015 ᠣᠨ ᠤ ᠬᠢ ᠠᠴᠠ 4.32 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠨᠡᠮᠡᠭᠳᠡᠨ ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠭᠡᠮᠵᠢ 2015 ᠣᠨ ᠳᠤ0.522 ᠪᠠᠶᠢᠭᠰᠠᠨ ᠠᠴᠠ ᠪᠠᠨ 0.568 ᠪᠤᠯᠵᠤ ᠳᠡᠭᠡᠭᠰᠢᠯᠡᠭᠰᠡᠨ ᠪᠠᠶᠢᠨ᠎ᠠ ᠃      ᠤᠰᠤᠨ ᠤ ᠡᠷᠬᠡ ᠶᠢᠨ ᠠᠷᠠᠯᠵᠢᠶᠠᠨ ᠤ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ ᠤᠰᠤᠨ ᠤ ᠡᠷᠬᠡ ᠶᠢᠨ ᠠᠷᠠᠯᠵᠢᠶᠠᠨ ᠤ ᠳᠦᠷᠢᠮ ᠢ ᠲᠡᠭᠦᠯᠳᠡᠷᠵᠢᠭᠦᠯᠵᠤ᠂ ᠤᠯᠤᠰ ᠤᠨ ︽ᠵᠠᠰᠠᠭ ᠵᠠᠬᠢᠷᠭᠠᠨ ᠤ ᠣᠷᠣᠨ ᠠᠯᠤᠰᠯᠡᠭᠰᠠᠨ ᠤᠰᠤᠨ ᠤ ᠡᠷᠬᠡ ᠶᠢᠨ ᠠᠷᠠᠯᠵᠢᠶᠠᠨ ᠤ ᠲᠤᠷᠰᠢᠯᠲᠠ ︾  ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠲᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠡᠷᠬᠡ ᠶᠢ ᠨᠡᠶᠢᠲᠡ 4.43 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠯᠵᠢᠭᠦᠯᠦᠨ ᠦᠭᠴᠦ ᠂ 253 ᠠᠵᠤ ᠦᠢᠯᠡᠳᠪᠦᠷᠢ ᠶᠢᠨ ᠲᠥᠷᠥᠯ ᠵᠦᠢᠯ ᠤᠨ ᠤᠰᠤ ᠬᠡᠷᠡᠭᠯᠡᠬᠦ ᠬᠡᠷᠡᠭᠴᠡᠭᠡ ᠶᠢ ᠰᠢᠢᠳᠪᠦᠷᠢᠯᠡᠨ ᠂ ᠬᠠᠲᠤᠨ ᠭᠤᠣᠯ ᠤᠨ ᠤᠰᠤᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠬᠠᠷᠢᠴᠠᠯ ᠢ 93% ᠪᠠᠶᠢᠭᠰᠠᠨ ᠠᠴᠠ 83% ᠪᠣᠯᠭᠠᠨ ᠰᠢᠯᠢᠳᠡᠭᠵᠢᠭᠦᠯᠦᠨ ᠲᠣᠬᠢᠷᠠᠭᠤᠯᠪᠠ᠃ ᠤᠰᠤᠨ ᠤ ᠡᠷᠬᠡ ᠶᠢ ᠰᠢᠯᠵᠢᠭᠦᠯᠦᠨ ᠦᠭᠬᠦ ᠲᠥᠷᠥᠯ ᠵᠦᠢᠯ ᠢ ᠬᠡᠷᠡᠭᠵᠢᠭᠦᠯᠬᠦ ᠶᠢᠨ ᠡᠮᠦᠨᠡᠬᠢ ᠲᠠᠢ ᠬᠠᠷᠢᠴᠠᠭᠤᠯᠪᠠᠯ᠂ ᠮᠠᠨ ᠤ ᠣᠷᠣᠨ ᠤ ᠤᠰᠤᠨ ᠤ ᠡᠷᠬᠡ ᠶᠢ ᠰᠢᠯᠵᠢᠭᠦᠯᠦᠨ ᠦᠭᠬᠦ 6 ᠤᠰᠤᠯᠠᠯᠲᠠ ᠶᠢᠨ ᠣᠷᠣᠨ ᠤ ᠵᠢᠯ ᠤᠨ ᠤᠰᠤ ᠬᠡᠷᠡᠭᠯᠡᠬᠦ ᠪᠣᠳᠠᠲᠠᠶ ᠬᠡᠮᠵᠢᠶ᠎ᠡ 7.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠴᠤ᠂ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠭᠡᠮᠵᠢ ᠴᠥᠮ ᠠᠳᠠᠯᠢ ᠪᠤᠰᠤ ᠬᠡᠮᠵᠢᠶ᠎ᠡ ᠪᠠᠷ ᠳᠡᠭᠡᠭᠰᠢᠯᠡᠪᠡ ᠃ ᠡᠭᠦᠨ ᠤ ᠬᠠᠮᠲᠤ᠂ ᠠᠶᠢᠮᠠᠭ ᠬᠤᠲᠠ ᠶᠢᠨ ᠬᠤᠭᠤᠷᠣᠨᠳᠣ ᠤᠰᠤᠨ ᠤ ᠡᠷᠬᠡ ᠶᠢ ᠰᠢᠯᠵᠢᠭᠦᠯᠦᠨ ᠦᠭᠬᠦ ᠪᠠᠷ ᠲᠠᠮᠵᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠠᠷᠪᠢᠯᠠᠵᠤ ᠭᠠᠷᠭᠠᠭᠰᠠᠨ ᠤᠰᠤᠨ ᠤ ᠬᠡᠮᠵᠢᠶ᠎ᠡ ᠶᠢᠨ 2/3 ᠢ ᠤᠰᠤ ᠬᠡᠲᠦᠷᠡᠲᠡᠯ᠎ᠡ ᠬᠡᠷᠡᠭᠯᠡᠬᠦ ᠶᠢ ᠪᠠᠭᠠᠰᠬᠠᠬᠤ ᠳᠤ ᠬᠡᠷᠡᠭᠯᠡᠵᠤ᠂ ᠰᠢᠯᠵᠢᠭᠦᠯᠦᠨ ᠦᠭᠬᠦ ᠤᠰᠤᠨ ᠤ ᠬᠡᠮᠵᠢᠶ᠎ᠡ ᠶᠢᠨ 20% ᠶᠢ ᠠᠮᠢ ᠠᠬᠤᠶ ᠳᠤ ᠬᠡᠷᠡᠭᠯᠡᠨ ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠡᠲᠦᠷᠡᠲᠡᠯ᠎ᠡ ᠤᠰᠤ ᠬᠡᠷᠡᠭᠯᠡᠬᠦ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ ᠂ ᠠᠵᠤ ᠠᠬᠤᠶ᠂ ᠨᠡᠶᠢᠭᠡᠮ ᠪᠠ ᠠᠮᠢ ᠠᠬᠤᠶ ᠶᠢᠨ ᠢᠯᠡᠳᠲᠠ ᠦᠷ᠎ᠡ ᠠᠰᠢᠭ ᠢ ᠤᠯᠵᠠᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号