ᠠᠮᠢ ᠠᠬᠤᠢ ᠶᠢᠨ ᠲᠠᠷᠢᠶᠠᠯᠠᠩ ᠰᠡᠯᠡᠭᠦᠴᠡᠯ ᠵᠢᠭᠤᠯᠴᠢᠯᠠᠯ ᠢᠶᠠᠷ ᠬᠦᠭᠵᠢᠨ ᠴᠡᠴᠡᠭᠯᠡᠵᠦ ᠪᠠᠶᠢᠭ᠎ᠠ ᠷᠠᠰᠢᠶᠠᠨ ᠲᠤᠬᠤᠢ ᠲᠤᠰᠬᠤᠨ
ᠨᠡᠶᠢᠲᠡᠯᠡᠭᠰᠡᠨ ᠴᠠᠭ᠄
2022/7/29
      ᠡᠪᠡᠰᠣ ᠮᠣᠳᠣ ᠨᠣᠭᠤᠭᠠᠷᠠᠨ ᠭᠤᠤᠨ ᠵᠢᠮᠢᠰ ᠪᠣᠯᠪᠠᠰᠣᠷᠠᠬᠰᠠᠨ ᠵᠤᠨ ᠤ 7 ᠰᠠᠷ᠎ᠠ ᠶᠢᠨ ᠳᠣᠮᠳᠠᠴᠢ ᠪᠠᠷ᠂ ᠰᠣᠷᠪᠤᠯᠵᠢᠯᠠᠭᠴᠢ ᠦᠦᠰᠢᠨ ᠬᠤᠰᠢᠭᠤᠨ ᠤ ᠭᠠᠯᠠᠭᠤᠳᠣ ᠪᠠᠯᠭᠠᠰᠤ ᠶᠢᠨ ᠷᠠᠰᠢᠶᠠᠨ ᠲᠤᠬᠤᠢ ᠲᠤᠰᠬᠤᠨ ᠤ ᠬᠤᠭᠤᠯᠠᠨ ᠬᠡᠷ ᠡᠷᠬᠢᠯᠡᠵᠦ ᠪᠠᠶᠢᠭ᠎ᠠ ᠤᠯᠠᠭᠠᠨ ᠤ ᠬᠢᠨ ᠳᠤ ᠬᠦᠷᠬᠦ ᠳᠤ᠂ ᠡᠳᠡᠨ ᠤ ᠬᠤᠭᠤᠯᠠᠨ ᠭᠡᠷ ᠲᠤ ᠭᠡᠶᠢᠴᠢᠨ ᠵᠤᠴᠢᠳ ᠲᠦᠬᠦᠷᠡᠩ ᠪᠠᠶᠢᠵᠤ᠂ ᠡᠵᠡᠭᠲᠡᠢ ᠤᠯᠠᠭᠠᠨ ᠬᠤᠭᠤᠯᠠ ᠤᠮᠲᠠ ᠪᠡᠯᠡᠳᠭᠡᠭᠡᠳ ᠶᠠᠭᠠᠷᠠᠨ᠎ᠠ᠃ ᠡᠳᠡᠨ ᠤ ᠬᠢᠨ ᠪᠤᠯ ᠷᠠᠰᠢᠶᠠᠨ ᠲᠤᠬᠤᠢ ᠲᠤᠰᠬᠤᠨ ᠲᠡᠭᠡᠷ᠎ᠡ ᠬᠤᠭᠤᠯᠠᠨ ᠭᠡᠷ ᠡᠵᠡᠩᠨᠡᠭᠡᠳ 10 ᠬᠡᠲᠦᠨ ᠵᠢᠯ ᠪᠤᠯᠵᠦ ᠪᠠᠶᠢᠭ᠎ᠠ ᠡᠷᠣᠬᠡ ᠪᠣᠯᠣᠨ᠎ᠠ᠃ ᠤᠷᠴᠢᠮ ᠤᠨ ᠵᠢᠯ ᠠᠴᠠ ᠳᠣᠰ ᠲᠤᠰᠬᠤᠨ ᠤ ᠨᠠᠮ ᠤᠨ ᠡᠬᠦᠷ᠂ ᠲᠤᠰᠬᠤᠨ ᠤ ᠵᠦᠪᠯᠡᠯ ᠤᠨ ᠬᠢᠨ ᠭᠠᠵᠠᠷ ᠣᠷᠤᠨ ᠤ ᠲᠠᠪᠠᠭᠤᠯᠢᠭ ᠪᠠᠶᠢᠷᠢ ᠪᠠᠨ ᠠᠰᠢᠭᠯᠠᠵᠤ᠂ ᠠᠮᠢ ᠠᠬᠤᠢ ᠶᠢᠨ ᠤᠰᠤᠨ ᠲᠤᠲᠤᠷᠭ᠎ᠠ ᠪᠤᠯᠤᠨ ᠦᠵᠡᠮᠵᠢ ᠶᠢᠨ ᠬᠦᠷᠢᠶᠡᠯᠡᠩ ᠢ ᠪᠦᠲᠦᠭᠡᠨ ᠪᠠᠶᠢᠭᠤᠯᠵᠤ ᠪᠠᠶᠢᠭ᠎ᠠ ᠰᠠᠶᠢᠬᠠᠨ ᠲᠤᠬᠢᠶᠠᠯ ᠢ ᠠᠳᠬᠤᠵᠤ᠂ ᠡᠳᠡᠨ ᠤ ᠬᠢᠨ ᠨᠢᠲᠤᠨᠤᠨ ᠬᠤᠭᠤᠯᠠᠨ ᠭᠡᠷ ᠢᠶᠠᠨ ᠪᠡᠰᠠ ᠦᠷᠭᠡᠳᠭᠡᠵᠦ᠂ ᠡᠯ᠎ᠡ ᠦᠢᠯᠡᠴᠢᠯᠡᠭᠡᠨ ᠤ ᠲᠦᠷᠦᠯ ᠵᠦᠢᠯ ᠢᠶᠠᠨ ᠤᠯᠠᠨ ᠪᠤᠯᠭᠠᠵᠦ᠂ ᠤᠷᠤᠯᠭ᠎ᠠ ᠪᠠᠨ ᠣᠯᠠᠮ ᠨᠡᠮᠡᠭᠳᠡᠭᠦᠯᠦᠭᠰᠡᠨ ᠪᠠᠶᠢᠨ᠎ᠠ᠃      ︽ᠮᠠᠨ ᠤ ᠷᠠᠰᠢᠶᠠᠨ ᠲᠤᠬᠤᠢ ᠲᠤᠰᠬᠤᠨ ᠬᠠᠯᠢᠭᠤᠲᠤ ᠶᠢᠨ ᠭᠤᠤᠯ ᠤᠨ ᠲᠡᠨᠵᠢᠨ ᠲᠡᠭᠡᠷ᠎ᠡ ᠪᠠᠶᠢᠷᠢᠯᠠᠵᠤ ᠪᠠᠶᠢᠭ᠎ᠠ ᠪᠤᠯᠬᠤᠷ ᠠᠳᠡᠬᠢ ᠶᠢᠨ ᠪᠠᠶᠢᠭᠠᠯᠢ ᠶᠢᠨ ᠦᠵᠡᠮᠵᠢ ᠭᠤᠶᠤ᠂ ᠡᠨᠡ ᠬᠡᠲᠦᠨ ᠵᠢᠯ ᠤᠨ ᠬᠢᠵᠢᠭ ᠤᠨ ᠪᠠᠶᠢᠳᠠᠯ ᠠᠴᠠ ᠪᠤᠯᠵᠦ᠂ ᠬᠦᠮᠦᠰ ᠤᠨ ᠭᠠᠳᠠᠭᠰᠢ ᠭᠠᠷᠬᠤ ᠨᠢ ᠴᠦᠭᠡᠨ ᠪᠤᠯᠵᠦ᠂ ᠬᠤᠰᠢᠭᠤ ᠲᠤᠲᠤᠷ᠎ᠠ ᠪᠠᠨ ᠦᠢᠷ᠎ᠠ ᠤᠷᠴᠢᠮ ᠢᠶᠠᠷ ᠰᠡᠯᠡᠭᠦᠴᠡᠨ ᠲᠤᠭᠤᠷᠢᠬᠤ ᠭᠦᠮᠦᠰ ᠤᠯᠠᠨ ᠪᠣᠯᠤᠭᠰᠠᠨ ᠢᠶᠠᠷ ᠮᠠᠨ ᠤ ᠠᠲᠡ ᠵᠤᠨ ᠨᠠᠮᠤᠷ ᠤᠨ ᠴᠠᠭ ᠢᠶᠠᠷ ᠮᠠᠰᠢ ᠤᠯᠠᠨ ᠬᠦᠮᠦᠨ ᠢᠷᠡᠵᠦ ᠰᠡᠯᠡᠭᠦᠴᠡᠨ ᠲᠤᠭᠤᠷᠢᠲᠠᠭ᠂ ᠪᠢ ᠨᠢᠭᠡ ᠵᠢᠯ ᠳᠤ ᠡᠨᠡ ᠬᠦ ᠬᠤᠭᠤᠯᠠᠨ ᠭᠡᠷ ᠪᠤᠯᠤᠨ ᠬᠤᠨᠤᠭ ᠤᠨ ᠭᠠᠵᠠᠷ᠂ ᠲᠡᠷᠭᠡᠨ ᠵᠣᠭᠰᠤᠭᠠᠯ ᠠᠴᠠ ᠨᠡᠶᠢᠲᠡ ᠠᠷᠪᠠᠭᠠᠳ ᠲᠦᠮᠡᠨ ᠲᠦᠭᠦᠷᠢᠭ ᠤᠨ ᠴᠡᠪᠡᠷ ᠠᠰᠢᠭ ᠤᠯᠲᠠᠭ︾ ᠭᠡᠵᠦ ᠬᠤᠭᠤᠯᠠᠨ ᠭᠡᠷ ᠶᠢᠨ ᠡᠵᠡᠭᠲᠡᠢ ᠤᠯᠠᠭᠠᠨ ᠪᠠᠶᠠᠷᠳᠡᠢ ᠶᠠᠷᠢᠨ᠎ᠠ᠃    ᠤᠷᠴᠢᠮ ᠤᠨ ᠵᠢᠯ ᠠᠴᠠ ᠷᠠᠰᠢᠶᠠᠨ ᠲᠤᠬᠤᠢ ᠲᠤᠰᠬᠤᠨ ᠬᠦᠲᠡᠭᠡ ᠲᠤᠰᠬᠤᠨ ᠢ ᠬᠦᠭᠵᠢᠭᠦᠯᠦᠨ ᠮᠠᠨᠲᠤᠭᠤᠯᠬᠤ ᠡᠭᠦᠳᠡᠨ ᠠᠴᠠ ᠲᠤᠰ ᠭᠠᠵᠠᠷ ᠤᠨ ᠡᠯᠪᠡᠭ ᠲᠡᠯᠪᠡᠭ ᠤᠰᠤᠨ ᠤ ᠡᠬᠢ ᠪᠠᠶᠠᠯᠢᠭ ᠢᠶᠠᠨ ᠠᠰᠢᠭᠯᠠᠵᠤ᠂ ᠬᠡᠰᠡᠭ ᠪᠦᠯᠦᠭ ᠡᠷᠦᠬᠡ ᠶᠢ ᠳᠠᠶᠢᠴᠢᠯᠠᠨ ᠤᠰᠤᠨ ᠲᠤᠲᠤᠷᠭ᠎ᠠ ᠲᠠᠷᠢᠬᠤ ᠰᠠᠭᠤᠷᠢᠨ ᠢ ᠪᠠᠶᠢᠭᠤᠯᠵᠤ᠂ ᠲᠤᠰᠬᠤᠨ ᠤ ᠬᠠᠮᠲᠤ ᠶᠢᠨ ᠠᠵᠦ ᠠᠬᠤᠢ ᠪᠤᠯᠭᠠᠨ ᠬᠦᠭᠵᠢᠭᠦᠯᠦᠭᠰᠡᠨ ᠪᠠᠶᠢᠨ᠎ᠠ᠃ ᠷᠠᠰᠢᠶᠠᠨ ᠲᠤᠬᠤᠢ ᠲᠤᠰᠬᠤᠨ ᠤ ᠲᠠᠷᠢᠶᠠᠴᠢᠨ ᠬᠤᠸᠠᠢ ᠰᠠᠢ ᠪᠤᠯ ᠤᠰᠤᠨ ᠲᠤᠲᠤᠷᠭ᠎ᠠ ᠲᠠᠷᠢᠵᠦ ᠪᠠᠶᠢᠭ᠎ᠠ ᠡᠷᠦᠬᠡ ᠶᠢᠨ ᠨᠢᠭᠡ ᠨᠢ ᠪᠤᠯᠤᠨ᠎ᠠ᠃ ᠲᠡᠷᠡ᠂ 2019 ᠣᠨ ᠠᠴᠠ ᠡᠬᠢᠯᠡᠵᠦ ᠲᠤᠲᠤᠷᠭ᠎ᠠ ᠲᠠᠷᠢᠵᠦ᠂ ᠤᠲᠤᠬᠠᠨ ᠪᠣᠯᠬᠤ ᠳᠤ 20 ᠭᠠᠷᠤᠢ ᠮᠦ ᠶᠢᠨ ᠤᠰᠤᠨ ᠲᠤᠲᠤᠷᠭ᠎ᠠ ᠲᠠᠷᠢᠵᠣ ᠪᠣᠢ᠃ ᠲᠡᠷᠨ᠄ ︽ᠲᠤᠰᠬᠤᠨ ᠠᠴᠠ ᠲᠤᠲᠤᠷᠭ᠎ᠠ ᠲᠠᠷᠢᠬᠤ ᠡᠯ᠎ᠡ ᠲᠠᠯ᠎ᠠ ᠶᠢᠨ ᠪᠦᠲᠦᠭᠡᠨ ᠪᠠᠶᠢᠭᠤᠯᠤᠯᠲᠠ ᠪᠤᠯᠤᠨ ᠮᠡᠷᠭᠡᠵᠢᠯ᠂ ᠪᠤᠷᠤᠯᠠᠭᠤᠯᠭ᠎ᠠ ᠵᠡᠷᠭᠡ ᠶᠢ ᠪᠦᠷ ᠰᠢᠢᠳᠪᠦᠷᠢᠯᠡᠵᠦ᠂ ᠮᠠᠨ ᠤ ᠲᠠᠷᠢᠶᠠᠴᠢᠳ ᠲᠤ ᠮᠠᠰᠢ ᠲᠦᠬᠦᠮ ᠢ ᠠᠪᠴᠢᠷᠠᠭᠰᠠᠨ ᠮᠦᠷᠲᠡᠭᠡᠨ ᠤᠷᠤᠯᠭ᠎ᠠ ᠶᠢ ᠴᠦ ᠪᠠᠲᠤᠯᠠᠵᠦ ᠴᠢᠳᠠᠭᠰᠠᠨ᠂ ᠨᠢᠲᠤᠨᠤᠨ ᠤᠰᠤᠨ ᠲᠤᠲᠤᠷᠭ᠎ᠠ ᠲᠠᠷᠢᠭᠠᠳ ᠡᠯ᠎ᠡ ᠵᠠᠷᠤᠲᠠᠯ ᠵᠡᠷᠭᠡ ᠪᠠᠨ ᠭᠠᠷᠭᠠᠭᠠᠳ 6 ᠲᠦᠮᠡ ᠭᠠᠷᠤᠢ ᠣᠯᠤᠭᠰᠠᠨ᠂ ᠡᠨᠡ ᠵᠢᠯ ᠤᠨ ᠲᠤᠲᠤᠷᠭ᠎ᠠ ᠶᠢᠨ ᠤᠷᠭᠤᠯᠲᠠ ᠴᠦ ᠮᠠᠰᠢ ᠰᠠᠶᠢᠨ ᠪᠠᠶᠢᠨ᠎ᠠ᠂ ᠲᠡᠭᠡᠷ᠎ᠡ ᠵᠢᠯ ᠠᠴᠠ ᠲᠠᠪᠠᠨ᠎ᠡ︾ ᠭᠡᠵᠦ ᠢᠳᠡᠬᠡᠯ ᠲᠡᠬᠦᠯᠳᠡᠷ ᠶᠠᠷᠢᠨ᠎ᠠ᠃      ᠨᠢᠲᠤᠨᠤᠨ᠂ ᠳᠣᠰ ᠲᠤᠰᠬᠤᠨ ᠪᠠᠰᠠ ᠬᠤᠷᠢᠭᠠᠳ ᠲᠦᠮᠡᠨ ᠲᠦᠭᠦᠷᠢᠭ ᠤᠨ ᠪᠡᠯᠡ ᠤᠷᠤᠭᠤᠯᠵᠦ᠂ ᠤᠰᠤᠨ ᠲᠤᠲᠤᠷᠭ᠎ᠠ ᠲᠠᠷᠢᠬᠤ ᠡᠯ᠎ᠡ ᠨᠦᠬᠦᠴᠡᠯ ᠢ ᠰᠠᠶᠢᠵᠢᠷᠠᠭᠤᠯᠬᠤ ᠶᠢᠨ ᠬᠠᠮᠲᠤ᠂ ᠦᠵᠡᠮᠵᠢ ᠶᠢᠨ ᠬᠦᠷᠢᠶᠡᠯᠡᠩ ᠢ ᠪᠦᠲᠦᠭᠡᠨ ᠪᠠᠶᠢᠭᠤᠯᠵᠤ ᠰᠡᠯᠡᠬᠦᠴᠡᠯ ᠵᠢᠭᠤᠯᠴᠢᠯᠠᠯ ᠢ ᠬᠠᠮᠲᠤ ᠳᠤᠨᠢ ᠬᠦᠭᠵᠢᠭᠦᠯᠵᠦ᠂ ᠵᠢᠭᠤᠯᠴᠢᠯᠠᠭᠴᠢᠳ ᠢ ᠲᠠᠲᠠᠨ ᠠᠪᠴᠢᠷᠠᠬᠤ ᠪᠠᠷ ᠲᠦᠯᠦᠪᠯᠡᠪᠡ᠃ ᠣᠳᠤᠬᠠᠨ ᠳᠤ ᠪᠦᠬᠦ ᠦᠵᠡᠮᠵᠢ ᠶᠢᠨ ᠬᠦᠷᠢᠶᠡᠯᠡᠩ ᠪᠤᠯᠤᠨ ᠬᠡᠦᠬᠡᠳ ᠲᠤ ᠨᠠᠭᠠᠲᠤᠮ ᠤᠨ ᠭᠠᠵᠠᠷ ᠨᠢ ᠠᠰᠢᠭᠯᠠᠯᠲᠠ ᠳᠤ ᠤᠷᠤᠵᠤ᠂ ᠭᠠᠷᠠᠭ ᠤᠨ ᠠᠮᠠᠷᠠᠯᠲᠠ ᠪᠠᠷ ᠮᠠᠰᠢ ᠤᠯᠠᠨ ᠬᠦᠮᠦᠰ ᠢᠷᠡᠵᠦ ᠰᠡᠯᠡᠭᠦᠴᠡᠨ ᠲᠤᠭᠤᠷᠢᠲᠠᠭ ᠪᠤᠯᠣᠬᠰᠠᠨ ᠪᠠᠶᠢᠨ᠎ᠠ᠃      ᠤᠷᠴᠢᠮ ᠤᠨ ᠵᠢᠯ ᠠᠴᠠ ᠷᠠᠰᠢᠶᠠᠨ ᠲᠤᠬᠤᠢ ᠲᠤᠰᠬᠤᠨ ᠦᠦᠰᠢᠨ ᠬᠤᠰᠢᠭᠤ ᠪᠤᠯᠤᠨ ᠱᠠᠨᠰᠢ ᠮᠣᠵᠢ ᠶᠢᠨ ᠲᠡᠮᠡᠭᠡᠲᠦ ᠬᠤᠲᠠ ᠲᠠᠢ ᠬᠦᠷᠰᠢᠯᠡᠵᠦ ᠪᠠᠶᠢᠳᠠᠭ ᠡᠨᠡ ᠬᠦ ᠤᠷᠤᠨ ᠨᠤᠲᠤᠭ ᠤᠨ ᠲᠠᠪᠠᠭᠤᠯᠢᠬ ᠲᠠᠭᠠᠨ ᠲᠦᠰᠢᠭᠯᠡᠨ ᠠᠮᠢ ᠠᠬᠤᠢ ᠶᠢᠨ ᠲᠠᠷᠢᠶᠠᠯᠠᠩ ᠪᠤᠯᠤᠨ ᠰᠡᠯᠡᠭᠦᠴᠡᠯ ᠵᠢᠭᠤᠯᠴᠢᠯᠠᠯ ᠢ ᠬᠦᠭᠵᠢᠭᠦᠯᠦᠭᠡᠳ 2019 ᠣᠨ ᠳᠤ᠂ ᠲᠤᠮᠲᠠᠲᠤ ᠤᠯᠤᠰ ᠤᠨ ᠦᠵᠡᠰᠭᠦᠯᠡᠩᠲᠤ ᠰᠠᠶᠢᠬᠠᠨ ᠰᠡᠯᠡᠭᠦᠴᠡᠯ ᠤᠨ ᠬᠦᠲᠡᠭᠡ ᠲᠤᠰᠬᠤᠨ ᠢᠶᠠᠷ ᠦᠨᠡᠯᠡᠭᠳᠡᠭᠰᠡᠨ ᠪᠠᠶᠢᠨ᠎ᠠ᠃      ᠲᠤᠰᠬᠤᠨ ᠤ ᠨᠠᠮ ᠤᠨ ᠡᠬᠦᠷ ᠤᠨ ᠱᠥᠵᠢ ᠵᠥ ᠭᠤᠸᠠᠩ ᠢᠣᠢ᠄ ︽ᠮᠠᠨ ᠤ ᠲᠤᠰᠬᠤᠨ ᠳᠣᠮᠳᠠᠳᠣ ᠤᠯᠤᠰ ᠤᠨ ᠦᠵᠡᠰᠭᠦᠯᠡᠩᠲᠤ ᠰᠠᠶᠢᠬᠠᠨ ᠰᠡᠯᠡᠭᠦᠴᠡᠯ ᠤᠨ ᠬᠦᠲᠡᠭᠡ ᠲᠤᠰᠬᠤᠨ ᠢᠶᠠᠷ ᠦᠨᠡᠯᠡᠭᠳᠡᠭᠰᠡᠨ ᠰᠠᠶᠢᠬᠠᠨ ᠳᠣᠬᠢᠶᠠᠯ ᠢᠶᠠᠨ ᠠᠰᠢᠭᠯᠠᠵᠤ᠂ ᠡᠨᠡ ᠵᠢᠯ ᠠᠴᠠ ᠡᠬᠢᠯᠡᠨ ᠠᠮᠢ ᠠᠬᠤᠢ ᠶᠢᠨ ᠣᠰᠣᠨ ᠲᠤᠲᠤᠷᠭ᠎ᠠ ᠪᠤᠯᠤᠨ ᠦᠵᠡᠮᠵᠢ ᠶᠢᠨ ᠬᠦᠷᠢᠶᠡᠯᠡᠩ ᠢ ᠬᠠᠮᠲᠤ ᠪᠦᠲᠦᠭᠡᠨ ᠪᠠᠶᠢᠭᠤᠯᠵᠤ᠂ ᠪᠤᠬᠢᠷᠲᠤᠯ ᠦᠭᠡᠢ ᠤᠰᠤᠨ ᠲᠤᠲᠤᠷᠭ᠎ᠠ ᠶᠢᠨ ᠨᠡᠷᠡᠲᠤ ᠲᠡᠮᠳᠡᠭᠲᠦ ᠶᠢ ᠡᠭᠦᠳᠬᠦ ᠶᠢᠨ ᠬᠠᠮᠲᠤ ᠵᠢᠭᠤᠯᠴᠢᠯᠠᠯ ᠤᠨ ᠦᠢᠯᠡᠰ ᠢ ᠡᠷᠬᠢᠯᠡᠵᠦ᠂ ᠲᠠᠷᠢᠶᠠᠴᠢᠳ ᠢᠶᠠᠨ ᠳᠠᠶᠢᠴᠢᠯᠠᠵᠤ ᠬᠠᠮᠲᠤ ᠪᠠᠷ ᠪᠠᠶᠠᠵᠢᠬᠤ ᠶᠢ ᠵᠤᠷᠢᠵᠦ ᠪᠤᠢ᠃ ᠣᠳᠤᠬᠠᠨ ᠳᠤ᠂ ᠪᠦᠬᠦ ᠲᠤᠰᠬᠤᠨ ᠤ ᠤᠰᠤᠨ ᠲᠤᠲᠤᠷᠭ᠎ᠠ ᠶᠢᠨ ᠲᠠᠯᠠᠪᠠᠢ 180 ᠮᠥ ᠪᠠᠶᠢᠵᠤ᠂ ᠶᠡᠭᠡ ᠪᠠᠭ᠎ᠠ ᠬᠤᠭᠤᠯᠠᠨ ᠬᠡᠷ ᠡᠷᠬᠢᠯᠡᠵᠦ ᠪᠠᠶᠢᠭ᠎ᠠ ᠡᠷᠦᠬᠡ 20 ᠭᠠᠷᠤᠢ ᠪᠠᠶᠢᠵᠤ᠂ 2016 ᠣᠨ ᠠᠴᠠ ᠨᠠᠭᠠᠰᠢ᠂ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠪᠤᠯᠤᠨ ᠵᠢᠭᠤᠯᠴᠢᠯᠠᠯ ᠤᠨ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠳᠤ ᠨᠡᠶᠢᠲᠡ 100 ᠭᠠᠷᠤᠢ ᠲᠦᠮᠡᠨ ᠲᠦᠭᠦᠷᠢᠭ ᠤᠨ ᠪᠡᠯᠡ ᠣᠷᠤᠭᠤᠯᠤᠭᠰᠠᠨ᠂ ᠣᠳᠤᠬᠠᠨ ᠳᠤ᠂ ᠵᠢᠯ ᠳᠤ 2 ᠲᠦᠮᠡ ᠭᠠᠷᠤᠢ ᠵᠢᠭᠤᠯᠴᠢᠯᠠᠭᠴᠢᠳ ᠢ ᠬᠦᠯᠢᠶᠡᠨ ᠠᠪᠴᠥ ᠪᠠᠶᠢᠨ᠎ᠠ᠃ ᠳᠠᠷᠠᠭᠠᠴᠢ ᠪᠠᠷ ᠡᠲᠡᠭᠡᠷ ᠬᠠᠮᠲᠦ ᠶᠢᠨ ᠠᠵᠦ ᠠᠬᠤᠢ ᠶᠢ ᠡᠷᠴᠢᠮᠲᠠᠢ ᠬᠦᠭᠵᠢᠭᠦᠯᠵᠦ᠂ ᠪᠤᠬᠢᠷᠲᠤᠯ ᠦᠭᠡᠢ ᠤᠰᠤᠨ ᠲᠤᠲᠤᠷᠭ᠎ᠠ ᠪᠠᠨ ᠲᠤᠰᠬᠤᠨ ᠤ ᠨᠡᠷᠡᠲᠦ ᠪᠦᠲᠦᠭᠡᠭᠳᠡᠭᠦᠨ ᠪᠤᠯᠭᠠᠨ ᠬᠦᠭᠵᠢᠭᠦᠯᠵᠦ᠂ ︿ᠤᠰᠤᠨ ᠲᠤᠲᠤᠷᠭ᠎ᠠ + ᠦᠵᠡᠮᠵᠢ ᠶᠢᠨ ᠬᠦᠷᠢᠶᠡᠯᠡᠩ + ᠰᠡᠯᠡᠬᠦᠴᠡᠯ ᠵᠢᠭᠤᠯᠴᠢᠯᠠᠯ﹀ ᠤᠨ ᠬᠡᠪ ᠵᠠᠭᠪᠤᠷ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠦᠨ᠂ ᠲᠤᠰᠬᠤᠨ ᠤ ᠲᠠᠷᠢᠶᠠᠴᠢᠳ ᠢ ᠳᠠᠶᠢᠴᠢᠯᠠᠨ ᠬᠠᠮᠲᠤ ᠪᠠᠷ ᠪᠠᠶᠠᠵᠢᠨ᠎ᠠ︾ ᠭᠡᠵᠦ ᠬᠤᠶᠢᠰᠢᠲᠠ ᠶᠢᠨ ᠲᠦᠯᠦᠪᠯᠡᠭᠡ ᠪᠠᠨ ᠢᠳᠡᠬᠡᠯ ᠲᠠᠢ ᠲᠠᠨᠢᠯᠴᠠᠭᠤᠯᠤᠯ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号