ᠮᠠᠨ ᠤ ᠤᠷᠤᠨ ᠨᠤᠤᠯᠤᠭᠤᠷ ᠤᠨ ᠢᠮᠠᠭᠠᠨ ᠤ ᠰᠢᠷᠭᠡᠭᠯᠢᠭ ᠤᠨ ᠨᠠᠷᠢᠴᠠ ᠶᠢᠨ ᠬᠡᠮᠵᠢᠶ᠎ᠡ ᠶᠢ 3 ᠲᠦᠮᠡ ᠭᠠᠷᠤᠢ ᠤᠳᠠᠭ᠎ᠠ ᠬᠦᠳᠡᠯᠦᠩᠬᠦᠢ ᠪᠠᠷ ᠬᠢᠨᠠᠨ ᠬᠡᠮᠵᠢᠪᠡ
ᠨᠡᠶᠢᠲᠡᠯᠡᠭᠰᠡᠨ ᠴᠠᠭ᠄
2022/7/4
      ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠠᠴᠠ ᠣᠶᠢᠯᠠᠭᠠᠭᠰᠠᠨ ᠢᠶᠠᠷ᠂ ᠤᠳᠤ ᠪᠣᠯᠲᠠᠯ᠎ᠠ ᠮᠠᠨ ᠤ ᠣᠷᠣᠨ ᠨᠤᠤᠯᠤᠭᠤᠷ ᠤᠨ ᠢᠮᠠᠭᠠᠨ ᠤ ᠰᠢᠷᠭᠡᠭᠯᠢᠭ ᠤᠨ ᠨᠠᠷᠢᠴᠠ ᠶᠢᠨ ᠬᠡᠮᠵᠢᠶ᠎ᠡ ᠶᠢ 3.78 ᠲᠦᠮᠡ ᠤᠳᠠᠭ᠎ᠠ ᠬᠦᠳᠡᠯᠦᠩᠬᠦᠢ ᠪᠠᠷ ᠬᠢᠨᠠᠨ ᠬᠡᠮᠵᠢᠪᠡ᠃      ᠡᠨᠡ ᠵᠢᠯ ᠠᠴᠠ ᠨᠠᠭᠠᠰᠢ᠂ ᠦᠪᠡᠷᠲᠡᠭᠡᠨ ᠵᠠᠰᠠᠬᠤ ᠤᠷᠤᠨ ᠤ ᠰᠢᠷᠭᠡᠭᠯᠢᠭ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠨᠤᠤᠰᠤ ᠨᠤᠤᠯᠤᠭᠤᠷ ᠤᠨ ᠠᠵᠤ ᠦᠢᠯᠡᠰ ᠤᠨ ᠶᠠᠰᠤ ᠴᠢᠨᠠᠷ ᠤᠨ ᠰᠠᠭᠤᠷᠢ ᠲᠦᠭᠦᠭᠡᠷᠦᠮᠵᠢ ᠶᠢᠨ ︽ᠨᠢᠭᠡ ᠦᠷᠲᠡᠭᠡᠴᠢᠯᠡᠭᠰᠡᠨ︾ ᠦᠢᠯᠡᠴᠢᠯᠡᠭᠡ ᠶᠢ ᠠᠬᠢᠭᠤᠯᠬᠤ ᠪᠠᠷ ᠠᠵᠠ ᠲᠣᠬᠢᠶᠠᠯ ᠪᠤᠯᠭᠠᠨ᠂ ᠦᠢᠯᠡᠴᠢᠯᠡᠭᠡᠨ ᠤ ᠠᠷᠭ᠎ᠠ ᠭᠡᠯᠪᠠᠷᠢ ᠪᠠᠨ ᠲᠠᠰᠤᠷᠠᠯᠲᠠ ᠥᠬᠡᠶ ᠰᠢᠨᠠᠴᠢᠯᠠᠵᠤ᠂ ᠢᠨᠲ᠋ᠧᠷ ᠰᠦᠯᠵᠢᠶ᠎ᠡ ᠶᠢᠨ ᠲᠣᠮᠣ ᠳ᠋ᠠᠶᠢᠲ᠋ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠨᠤᠤᠰᠤ ᠨᠤᠤᠯᠤᠭᠤᠷ ᠤᠨ ᠶᠠᠰᠤ ᠴᠢᠨᠠᠷ ᠤᠨ ᠦᠨᠡᠯᠡᠯᠲᠡ ᠶᠢ ᠮᠦᠷᠳᠡᠬᠦ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠪᠠ᠃ ᠤᠳᠤ ᠮᠠᠯᠴᠢᠳ ᠭᠠᠷ ᠤᠲᠠᠰᠤ ᠪᠠᠷ ᠢᠶᠠᠨ ︽ᠨᠤᠤᠯᠤᠭᠤᠷ ᠤᠨ ᠶᠠᠰᠤ ᠴᠢᠨᠠᠷ ᠤᠨ ︿ᠲᠣᠭᠠᠴᠢᠯᠠᠭᠰᠠᠨ ᠣᠷᠳᠣᠨ﹀︾ ᠵᠢᠷᠭᠢᠶ᠎ᠡ ᠶᠢᠨ ᠵᠢᠵᠢᠭ ᠫᠷᠦᠭᠷᠡᠮ ᠢᠶᠠᠷ ᠳᠠᠮᠵᠢᠨ᠂ ᠢᠮᠠᠭᠠᠨ ᠨᠤᠤᠯᠤᠭᠤᠷ ᠤᠨ ᠢᠶᠠᠨ ᠨᠠᠷᠢᠴᠠ ᠶᠢᠨ ᠬᠡᠮᠵᠢᠶ᠎ᠡ ᠶᠢ ᠬᠢᠨᠠᠨ ᠬᠡᠮᠵᠢᠭ᠌ᠰᠡᠨ ᠲᠤᠭ᠎ᠠ ᠪᠠᠷᠢᠮᠲᠠ ᠶᠢ ᠴᠠᠭ ᠲᠤᠬᠠᠢ  ᠳᠤᠨᠢ ᠮᠡᠳᠡᠵᠤ ᠳᠡᠶᠢᠯᠬᠦ ᠶᠢ ᠦᠨᠡᠨ ᠬᠦ ᠪᠡᠶᠡᠯᠡᠭᠦᠯᠵᠡᠢ᠃      ᠣᠶᠢᠯᠠᠭᠠᠭᠰᠠᠨ ᠢᠶᠠᠷ᠂ 2010 ᠣᠨ ᠠᠴᠠ ᠡᠬᠢᠯᠡᠨ ᠦᠪᠡᠷᠲᠡᠭᠡᠨ ᠵᠠᠰᠠᠬᠤ ᠤᠷᠤᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠪᠦᠬᠦ ᠣᠷᠣᠨ ᠤ ᠴᠢᠨᠠᠷ ᠰᠠᠶᠢᠲᠠᠢ ᠨᠤᠤᠯᠤᠭᠤᠷ ᠤᠨ ᠢᠮᠠᠭᠠᠨ ᠤ ᠭᠤᠣᠯ ᠭᠠᠷᠤᠯᠲᠠ ᠶᠢᠨ ᠣᠷᠤᠨ ᠳᠤ ᠨᠤᠤᠯᠤᠭᠤᠷ ᠤᠨ ᠢᠮᠠᠭᠠᠨ ᠤ ᠰᠢᠷᠭᠡᠭᠯᠢᠭ ᠤᠨ ᠨᠠᠷᠢᠴᠠ ᠶᠢᠨ ᠬᠡᠮᠵᠢᠶ᠎ᠡ ᠶᠢᠨ ᠬᠥᠳᠡᠯᠦᠩᠭᠦᠶ ᠬᠢᠨᠠᠨ ᠬᠡᠮᠵᠢᠯᠲᠡ ᠶᠢ ᠬᠡᠷᠡᠭᠵᠢᠭᠦᠯᠵᠦ᠂ ᠨᠤᠤᠯᠤᠭᠤᠷ ᠤᠨ ᠢᠮᠠᠭᠠᠨ ᠤ ᠡᠭᠦᠯᠳᠡᠷ ᠤᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠪᠣᠯᠤᠨ ᠲᠡᠵᠢᠭᠡᠨ ᠦᠷᠡᠵᠢᠭᠦᠯᠬᠦ ᠮᠠᠯᠵᠢᠬᠤ ᠡᠷᠦᠬᠡ ᠳᠤ ᠬᠥᠳᠡᠯᠦᠩᠭᠦᠶ ᠬᠢᠨᠠᠨ ᠬᠡᠮᠵᠢᠬᠦ ᠦᠢᠯᠡᠴᠢᠯᠡᠭᠡ ᠶᠢ ᠰᠦᠢᠳᠭᠡᠯ ᠬᠤᠷᠢᠶᠠᠬᠤ ᠦᠭᠡᠶ ᠪᠠᠷ ᠬᠠᠨᠭ᠍ᠭᠠᠭᠰᠠᠨ ᠪᠠᠶᠢᠨ᠎ᠠ᠃ ᠲᠡᠷᠡᠴᠢᠯᠡᠨ ᠬᠢᠨᠠᠨ ᠬᠡᠮᠵᠢᠭ᠌ᠰᠡᠨ ᠲᠤᠭ᠎ᠠ ᠪᠠᠷᠢᠮᠲᠠ ᠶᠢ ᠦᠨᠳᠦᠰᠦᠯᠡᠨ᠂ ᠨᠤᠤᠯᠤᠭᠤᠷ ᠤᠨ ᠢᠮᠠᠭ᠎ᠠ ᠶᠢ ᠰᠦᠷᠦᠭ ᠬᠤᠪᠢᠶᠠᠨ ᠲᠡᠵᠢᠭᠡᠨ ᠠᠷᠠᠴᠢᠯᠠᠵᠦ᠂ ᠨᠤᠤᠯᠤᠭᠤᠷ ᠢ ᠨᠢ ᠰᠠᠮᠨᠠᠵᠤ᠂ ᠲᠡᠰ ᠬᠤᠪᠢᠶᠠᠨ ᠬᠤᠳᠠᠯᠳᠤᠵᠤ᠂ ᠴᠢᠨᠠᠷ ᠰᠠᠶᠢᠲᠠᠢ ᠨᠢ ᠰᠠᠶᠢᠨ ᠦᠨ᠎ᠡ ᠬᠦᠷᠬᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠶ ᠪᠠᠰᠠ ᠴᠢᠨᠠᠷ ᠰᠠᠶᠢᠲᠠᠢ ᠢᠮᠠᠭᠠᠨ ᠤ ᠡᠭᠦᠯᠳᠡᠷ ᠤᠨ ᠡᠬᠢ ᠪᠠᠶᠠᠯᠢᠭ ᠢ ᠡᠬᠢ ᠡᠭᠦᠰᠦᠯ ᠠᠴᠠ ᠨᠢ ᠬᠠᠮᠠᠭᠠᠯᠠᠨ᠂ ᠢᠮᠠᠭᠠᠨ ᠨᠤᠤᠯᠤᠭᠤᠷ ᠤᠨ ᠶᠠᠰᠤ ᠴᠢᠨᠠᠷ ᠢ ᠳᠡᠭᠡᠭᠰᠢᠯᠡᠬᠦᠯᠵᠦ᠂ ᠥᠪᠡᠷᠲᠡᠭᠡᠨ ᠵᠠᠰᠠᠬᠤ ᠣᠷᠣᠨ ᠤ ᠨᠤᠤᠰᠤ ᠨᠤᠤᠯᠤᠭᠤᠷ ᠤᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号