ᠮᠠᠨ ᠤ ᠤᠷᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠲᠣᠬᠢᠷᠠᠭᠤᠯᠤᠨ ᠭᠠᠩ ᠬᠠᠭᠰᠠᠷᠠᠭᠠᠨ ᠲᠠᠢ ᠲᠡᠮᠡᠴᠡᠵᠦ ᠪᠠᠶᠢᠨ᠎ᠠ
ᠨᠡᠶᠢᠲᠡᠯᠡᠭᠰᠡᠨ ᠴᠠᠭ᠄
2022/7/5
      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠤᠷᠤᠨ ᠤᠶᠢᠷ᠎ᠠ ᠶᠢᠨ ᠬᠤᠭᠤᠴᠠᠭᠠᠨ ᠤ ᠭᠠᠩ ᠬᠠᠭᠰᠠᠷᠠᠭᠠᠨ ᠤ ᠪᠠᠶᠢᠳᠠᠯ ᠢ ᠦᠨᠳᠦᠰᠦᠯᠡᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠢᠯᠡᠳᠦᠯ ᠢ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠬᠦᠴᠦᠯᠡᠨ ᠪᠠᠲᠤᠯᠠᠵᠤ ᠪᠠᠶᠢᠨ᠎ᠠ᠃      ᠪᠦᠷᠢᠳᠬᠡᠯ ᠳᠤ ᠦᠨᠳᠦᠰᠦᠯᠡᠪᠡᠯ᠂ ᠣᠲᠣᠬᠠᠨ ᠳᠤ ᠪᠥᠬᠦ ᠣᠷᠣᠨ ᠤ ᠭᠠᠩ ᠬᠠᠭᠰᠠᠷᠠᠭᠠᠨ ᠳᠤ ᠳᠠᠭᠠᠷᠢᠭᠳᠠᠭᠰᠠᠨ ᠲᠠᠷᠢᠮᠠᠯ ᠤᠨ ᠲᠠᠯᠠᠪᠠᠢ 996.18 ᠲᠦᠮᠡᠨ ᠮᠥ ᠪᠤᠢ᠂ ᠡᠭᠦᠨ ᠳᠤ 203 ᠲᠦᠮᠡᠨ ᠮᠥ ᠲᠠᠷᠢᠮᠡᠯ ᠬᠦᠨᠳᠦ ᠶᠡᠭᠡ ᠭᠠᠩ ᠬᠠᠭᠰᠠᠷᠠᠭᠠᠨ ᠳᠤ ᠳᠠᠭᠠᠷᠢᠭᠳᠠᠨ᠂ 404.8 ᠲᠦᠮᠡᠨ ᠮᠥ ᠲᠠᠷᠢᠮᠡᠯ ᠳᠤᠮᠳᠠ ᠵᠡᠷᠭᠡ ᠶᠢᠨ ᠭᠠᠩ ᠬᠠᠭᠰᠠᠷᠠᠭᠠᠨ ᠳᠤ ᠳᠠᠭᠠᠷᠢᠭᠳᠠᠪᠠ᠃ ᠮᠠᠯᠵᠢᠬᠤ ᠣᠷᠣᠨ ᠤ 3.56 ᠳ᠋ᠦᠩᠰᠢᠭᠤᠷ ᠮᠥ ᠨᠤᠲᠤᠭ ᠪᠡᠯᠴᠢᠭᠡᠷ ᠭᠠᠩ ᠬᠠᠭᠰᠠᠷᠠᠭᠠᠨ ᠳᠤ ᠳᠠᠭᠠᠷᠢᠭᠳᠠᠵᠤ᠂ ᠡᠬᠦᠨ ᠳᠤ 70% ᠶᠢᠨ ᠪᠡᠯᠴᠢᠭᠡᠷ ᠨᠣᠭᠤᠭᠠᠷᠠᠭᠠᠳᠤᠢ᠂ ᠣᠷᠳᠣᠰ ᠬᠤᠲᠠ ᠶᠢᠨ 8000 ᠭᠠᠷᠤᠶ ᠲᠦᠮᠡᠨ ᠮᠥ ᠨᠤᠳᠤᠭ ᠪᠡᠯᠴᠢᠭᠡᠷ ᠤᠨ 90% ᠨᠢ ᠨᠣᠭᠤᠭᠠᠷᠠᠭᠠᠳᠤᠢ ᠪᠠᠶᠢᠭᠰᠠᠭᠠᠷ᠃ ᠪᠥᠬᠦ ᠣᠷᠣᠨ ᠳᠤ 8.14 ᠲᠦᠮᠡᠨ ᠬᠥᠮᠦᠨ ᠪᠠ 108.64 ᠲᠦᠮᠡᠨ ᠮᠠᠯ ᠤᠨ ᠤᠤᠭᠤᠬᠤ ᠤᠰᠤ ᠨᠦᠯᠦᠬᠡᠯᠡᠭᠳᠡᠵᠦ᠂ 2 ᠲᠦᠮᠡ ᠰᠢᠬᠠᠮ ᠬᠥᠮᠦᠨ ᠬᠤᠯᠠ ᠠᠴᠠ ᠤᠰᠤ ᠲᠠᠬᠡᠬᠡᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠴᠠᠭ ᠲᠤᠬᠠᠶ ᠳᠤᠨᠢ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ ᠭᠠᠩ ᠬᠠᠭᠰᠠᠷᠠᠭᠠᠨ ᠳᠤ ᠬᠦᠨᠳᠤ ᠨᠤᠴᠢᠲᠠᠢ ᠳᠠᠭᠠᠷᠢᠭᠳᠠᠭᠰᠠᠨ ᠠᠶᠢᠮᠠᠭ ᠬᠤᠲᠠ ᠳᠤ ᠬᠦᠷᠴᠦ ᠭᠠᠩ ᠬᠠᠭᠰᠠᠷᠠᠭᠠᠨ ᠲᠠᠢ ᠲᠡᠮᠡᠴᠡᠵᠤ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠶᠢᠨ ᠢᠨᠵᠧᠨᠧᠷᠢᠩ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠵᠡᠷᠭᠡ ᠭᠠᠩ ᠬᠠᠭᠰᠠᠷᠠᠭᠠᠨ ᠲᠠᠢ ᠲᠡᠮᠡᠴᠡᠬᠦ ᠲᠥᠬᠦᠭᠡᠷᠦᠮᠵᠢ ᠶᠢᠨ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠣᠷᠣᠨ ᠨᠤᠲᠤᠭ ᠤᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠵᠢᠯᠣᠭᠤᠳᠪᠠ᠃ ᠬᠠᠮᠢᠶ᠎ᠠ ᠪᠦᠬᠦᠢ ᠭᠠᠵᠠᠷ ᠤᠨ ᠬᠢᠨ ᠭᠠᠩ ᠬᠠᠭᠰᠠᠷᠠᠭᠠᠨ ᠲᠠᠢ ᠲᠡᠮᠡᠴᠡᠬᠦ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠵᠠᠯᠭᠠᠭ᠎ᠠ ᠪᠠᠷ ᠡᠬᠢᠯᠡᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠶᠢ ᠴᠢᠩᠭᠠᠳᠬᠠᠨ᠂ ᠤᠳᠠᠭ᠎ᠠ ᠪᠦᠷᠢ ᠶᠢᠨ ᠪᠤᠷᠤᠭᠠᠨ ᠤᠷᠤᠬᠤ ᠶᠠᠪᠤᠴᠠ ᠶᠢ ᠠᠮᠵᠢᠭᠤᠯᠤᠨ ᠤᠰᠤᠨ ᠤ ᠬᠠᠳᠠᠭᠠᠯᠠᠭᠳᠠᠴᠠ ᠶᠢ ᠴᠢᠷᠮᠠᠶᠢᠨ ᠨᠡᠮᠡᠭᠳᠡᠭᠦᠯᠬᠦ ᠶᠢᠨ ᠬᠠᠮᠲᠤ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠯᠢᠳᠡᠭᠵᠢᠭᠦᠯᠦᠨ ᠲᠣᠬᠢᠷᠠᠭᠤᠯᠵᠤ᠂ ᠬᠦᠮᠦᠨ ᠮᠠᠯ ᠤᠨ ᠤᠤᠭᠤᠬᠤ ᠤᠰᠤ ᠪᠠ ᠮᠠᠯ ᠠᠵᠤ ᠠᠬᠤᠶ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠡᠩ ᠲᠡᠷᠢᠬᠦᠨ ᠳᠤ ᠬᠠᠨᠭ᠍ᠭᠠᠵᠤ ᠪᠠᠶᠢᠨ᠎ᠠ᠃      ᠤᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ ᠬᠠᠮᠢᠶ᠎ᠠ ᠪᠦᠬᠦᠢ ᠭᠠᠵᠠᠷ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠤᠰᠤ ᠬᠠᠩᠭᠠᠬᠤ ᠢᠨᠵᠧᠨᠧᠷᠢᠩ ᠢ 1500 ᠭᠠᠷᠤᠶ ᠰᠡᠯᠪᠢᠨ ᠵᠠᠰᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠰᠤᠷᠪᠤᠯᠵᠢ ᠶᠢᠨ ᠢᠨᠵᠧᠨᠧᠷᠢᠩ ᠢ 900 ᠭᠠᠷᠤᠶ ᠰᠢᠨ᠎ᠡ ᠪᠠᠷ ᠪᠦᠳᠦᠬᠡᠨ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠶᠢ ᠨᠡᠶᠢᠲᠡ 2 ᠳ᠋ᠦᠩᠰᠢᠭᠤᠷ ᠭᠠᠷᠤᠢ ᠲᠥᠭᠦᠷᠢᠭ ᠴᠤᠭᠯᠠᠭᠤᠯᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠣᠶᠢᠷ᠎ᠠ ᠶᠢᠨ ᠬᠤᠭᠤᠴᠠᠭᠠᠨ ᠳᠤ 1 ᠳ᠋ᠦᠩᠰᠢᠭᠤᠷ ᠲᠥᠭᠦᠷᠢᠭ ᠪᠠᠭᠤᠯᠭᠠᠨ ᠳᠤᠮᠳᠠ ᠪᠠ ᠪᠠᠷᠠᠭᠤᠨ ᠪᠡᠶ᠎ᠠ ᠶᠢᠨ ᠭᠠᠵᠠᠷ ᠣᠷᠣᠨ ᠵᠢᠴᠢ ᠬᠢᠯᠢ ᠳᠠᠭᠠᠤ ᠮᠠᠯᠵᠢᠬᠤ ᠣᠷᠣᠨ ᠤ ᠭᠠᠩ ᠬᠠᠭᠰᠠᠷᠠᠭᠠᠨ ᠠᠴᠠ ᠪᠣᠯᠵᠤ ᠤᠯᠠᠷᠢᠯ ᠤᠨ ᠴᠢᠨᠠᠷᠲᠠᠶ ᠪᠠᠷ ᠤᠰᠤ ᠳᠤᠲᠠᠭᠳᠠᠬᠤ ᠪᠠ ᠬᠤᠯᠠ ᠠᠴᠠ ᠤᠰᠤ ᠲᠠᠬᠡᠬᠡᠬᠦ ᠠᠰᠠᠭᠤᠳᠠᠯ ᠢ ᠭᠤᠣᠯᠳᠠᠯᠭ᠎ᠠ ᠲᠠᠢ ᠰᠢᠶ᠋ᠳᠪᠦᠷᠢᠯᠡᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号