ᠤᠯᠤᠰ ᠤᠨ ᠳ᠋ᠠ ᠽᠦᠩ ᠢᠳᠡᠰᠢᠨ ᠨᠣᠭᠤᠭᠠᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨᠲᠠᠨ ᠰᠤᠳᠤᠯᠤᠭᠴᠢ ᠯᠢ ᠪᠦᠦ ᠵᠢᠦᠢ ᠤᠯᠠᠭᠠᠨᠬᠠᠳᠠ ᠳᠤ ᠲᠥᠪᠡᠳ ᠬᠠᠰᠢ ᠶᠢᠨ ᠦᠢᠯᠡᠳᠪᠦᠷᠢᠯᠡᠯ ᠢ ᠪᠠᠶᠢᠴᠠᠭᠠᠨ  ᠵᠢᠯᠤᠭᠤᠳᠪᠠ
ᠨᠡᠶᠢᠲᠡᠯᠡᠭᠰᠡᠨ ᠴᠠᠭ᠄
2022/7/6
      7 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠤᠯᠤᠰ ᠤᠨ ᠳ᠋ᠠ ᠽᠦᠩ ᠢᠳᠡᠰᠢᠨ ᠨᠣᠭᠤᠭᠠᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨᠲᠠᠨ ᠰᠤᠳᠤᠯᠤᠭᠴᠢ ᠯᠢ ᠪᠦᠦ ᠵᠢᠦᠢ ᠳᠥᠷᠪᠡᠭᠦᠯᠡ ᠤᠯᠠᠭᠠᠨᠬᠠᠳᠠ ᠳᠤ ᠬᠦᠷᠴᠦ ᠲᠦᠬᠦᠭᠡᠷᠦᠮᠵᠢᠳᠤ ᠲᠥᠪᠡᠳ ᠬᠠᠰᠢ ᠶᠢᠨ ᠦᠢᠯᠡᠳᠪᠦᠷᠢᠯᠡᠯ ᠢ ᠪᠠᠶᠢᠴᠠᠭᠠᠨ ᠵᠢᠯᠣᠭᠤᠳᠪᠠ᠃ ᠰᠤᠳᠤᠯᠤᠭᠴᠢ ᠯᠢ ᠪᠦᠦ ᠵᠢᠦᠢ ᠪᠣᠯ ᠳᠤᠮᠳᠠᠲᠦ ᠤᠯᠤᠰ ᠤᠨ ᠢᠳᠡᠰᠢᠨ ᠨᠣᠭᠤᠭ᠎ᠠ ᠶᠢᠨ ᠡᠪᠡᠳᠴᠢᠨ ᠤ ᠬᠥᠨᠥᠭᠡᠯ ᠤᠨ ᠬᠦᠷᠢᠶ᠎ᠠ ᠴᠠᠷᠠᠭᠠᠨ ᠳᠠᠬᠢ ᠠᠯᠳᠠᠷᠲᠤ ᠲᠤᠰᠬᠠᠢ ᠮᠡᠷᠭᠡᠵᠢᠯᠲᠡᠨ ᠪᠣᠯᠣᠨ᠎ᠠ᠂ ᠲᠦᠬᠦᠭᠡᠷᠦᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠪᠠᠶᠢᠩᠭᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠮᠡᠷᠭᠡᠵᠢᠯᠲᠡᠨ ᠪᠠ ᠲᠠᠷᠢᠮᠠᠯ ᠤᠨ ᠡᠷᠦᠬᠡ ᠳᠤ ᠮᠡᠷᠭᠡᠵᠢᠯ ᠤᠨ ᠪᠣᠯᠪᠠᠰᠤᠷᠠᠭᠤᠯᠤᠯ᠂ ᠢᠳᠡᠰᠢᠨ ᠨᠣᠭᠤᠭ᠎ᠠ ᠶᠢᠨ ᠡᠪᠡᠳᠴᠢᠨ ᠤ ᠬᠥᠨᠥᠭᠡᠯ ᠢ ᠲᠦᠷᠭᠡᠨ ᠣᠨᠣᠰᠢᠯᠠᠬᠤ ᠪᠠ ᠰᠢᠯᠭᠠᠨ ᠪᠠᠶᠢᠴᠠᠭᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠡᠷᠭᠡ ᠠᠵᠢᠯ ᠢ ᠥᠷᠨᠢᠭᠦᠯᠳᠡᠭ᠃      7 ᠰᠠᠷ᠎ᠠ ᠶᠢᠨ 3 ᠤ ᠡᠳᠦᠷ᠂ ᠰᠤᠳᠤᠯᠤᠭᠴᠢ ᠯᠢ ᠪᠦᠦ ᠵᠢᠦᠢ ᠰᠥᠩ ᠱᠠᠨ ᠲᠣᠭᠤᠷᠢᠭ ᠤᠨ ᠳ᠋ᠠ ᠮᠢᠶᠣᠣ ᠪᠠᠯᠭᠠᠰᠤᠨ ᠤ ᠬᠥᠩ ᠵᠦ ᠯᠢᠩ ᠤᠨ ᠱᠤᠸᠠᠩ ᠸᠠᠨ ᠮᠢᠶᠣᠦ ᠲᠦᠬᠦᠭᠡᠷᠦᠮᠵᠢᠳᠤ ᠬᠦᠷᠢᠶᠡᠯᠡᠩ ᠲᠣᠭᠤᠷᠢᠭ ᠲᠤ ᠬᠦᠷᠴᠦ᠂ ︽ᠲᠦᠬᠦᠭᠡᠷᠦᠮᠵᠢᠳᠤ ᠲᠥᠪᠡᠳ ᠬᠠᠰᠢ ᠶᠢᠨ ᠭᠤᠣᠯ ᠡᠪᠡᠳᠴᠢᠨ ᠤ ᠬᠥᠨᠥᠭᠡᠯ ᠢ ᠵᠠᠳᠠᠯᠬᠤ ᠪᠠ ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ︾ ᠭᠡᠬᠦ ᠰᠡᠳᠦᠪ ᠢᠶᠠᠷ ᠣᠯᠠᠨ ᠳᠤ ᠬᠤᠶᠠᠷ ᠬᠤᠭᠤᠴᠠᠭᠠᠨ ᠤ ᠪᠣᠯᠪᠠᠰᠤᠷᠠᠭᠤᠯᠤᠯ ᠤᠨ ᠠᠩᠭᠢ ᠡᠷᠭᠢᠯᠡᠪᠡ᠃ ᠯᠢ ᠪᠠᠭᠰᠢ ᠣᠳᠣᠬᠠᠨ ᠤ ᠲᠦᠬᠦᠭᠡᠷᠦᠮᠵᠢᠳᠤ ᠲᠥᠪᠡᠳ ᠬᠠᠰᠢ ᠶᠢᠨ ᠦᠢᠯᠡᠳᠪᠦᠷᠢᠯᠡᠯ ᠳᠤ ᠠᠮᠠᠷᠬᠠᠨ ᠡᠭᠦᠰᠬᠦ ᠪᠠ ᠤᠯᠠᠨ ᠡᠭᠦᠰᠬᠦ ᠡᠪᠡᠳᠴᠢᠨ ᠤ ᠬᠤᠣᠷ ᠬᠥᠨᠥᠭᠡᠯ ᠤᠨ ᠲᠤᠬᠠᠢ ᠤᠯᠠᠨ ᠳᠤ ᠨᠠᠷᠢᠨ ᠲᠠᠶᠢᠯᠪᠤᠷᠢᠯᠠᠯᠲᠠ ᠬᠢᠵᠦ᠂ ᠡᠪᠡᠳᠴᠢᠨ ᠤ ᠬᠤᠣᠷ ᠬᠥᠨᠥᠭᠡᠯ ᠡᠭᠦᠰᠬᠦ ᠰᠢᠯᠲᠠᠭᠠᠨ᠂ ᠬᠠᠯᠳᠠᠪᠤᠷᠢᠯᠠᠬᠤ ᠠᠷᠭ᠎ᠠ ᠵᠠᠮ ᠠᠴᠠ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠬᠦᠷᠲᠡᠯ᠎ᠡ ᠴᠥᠮ ᠨᠠᠷᠢᠨ ᠲᠣᠳᠣᠷᠬᠠᠢ ᠥᠭᠦᠯᠡᠭᠰᠡᠨ ᠪᠠᠶᠢᠨ᠎ᠠ᠃ ᠪᠣᠯᠪᠠᠰᠤᠷᠠᠭᠤᠯᠤᠯ ᠳᠠᠭᠤᠰᠤᠭᠰᠠᠨ ᠤ ᠲᠠᠷᠠᠭ᠎ᠠ᠂ ᠲᠠᠷᠢᠶᠠᠴᠢᠨ ᠡᠷᠦᠭᠡ ᠯᠢ ᠪᠠᠭᠰᠢ ᠶᠢ ᠬᠦᠷᠢᠶᠡᠯᠡᠨ ᠠᠪᠴᠤ᠂ ᠥᠪᠡᠷ ᠤᠨ ᠭᠡᠷ ᠤᠨ ᠰᠠᠷᠠᠪᠴᠢᠨ ᠳᠠᠬᠢ ᠡᠪᠡᠳᠴᠢᠨ ᠤ ᠬᠤᠣᠷ ᠲᠠᠢ ᠴᠢᠬᠢ ᠶᠢ ᠯᠢ ᠪᠠᠭᠰᠢ ᠪᠠᠷ ᠣᠨᠤᠰᠢᠯᠠᠭᠤᠯᠤᠵᠤ᠂ ᠯᠢ ᠪᠠᠭᠰᠢ ᠡᠪᠡᠳᠴᠢᠨ ᠤ ᠰᠠᠭᠤᠷᠢ ᠨᠢᠭᠡᠪᠦᠷᠢ ᠶᠢ ᠨᠠᠷᠢᠨ ᠪᠠᠶᠢᠴᠠᠭᠠᠨ ᠦᠵᠡᠵᠦ᠂ ᠣᠶᠢᠷ᠎ᠠ ᠶᠢᠨ ᠬᠤᠭᠤᠴᠠᠭᠠᠨ ᠤ ᠡᠮ ᠬᠡᠷᠡᠭᠯᠡᠵᠦ ᠪᠣᠷᠳᠣᠭᠤᠷ ᠣᠷᠣᠭᠤᠯᠤᠭᠰᠠᠨ ᠵᠡᠷᠭᠡ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠳᠠᠯᠢ ᠪᠤᠰᠤ ᠡᠪᠡᠳᠴᠢᠨ ᠤ ᠬᠤᠣᠷ ᠲᠤ ᠬᠠᠷᠠᠭᠠᠯᠵᠠᠭᠰᠠᠨ ᠰᠢᠢᠳᠪᠦᠷᠢᠯᠡᠬᠦ ᠲᠥᠰᠥᠯ ᠦᠭᠪᠡ᠃ ᠦᠢᠯᠡᠳᠪᠦᠷᠢᠯᠡᠯ ᠤᠨ ᠪᠣᠳᠠᠲᠠᠢ ᠡᠪᠡᠳᠴᠢᠨ ᠬᠤᠷᠣᠬᠠᠢ ᠶᠢᠨ ᠬᠥᠨᠥᠭᠡᠯ ᠤᠨ ᠠᠰᠠᠭᠤᠳᠠᠯ ᠢ ᠨᠡᠩ ᠰᠠᠶᠢᠨ ᠰᠢᠢᠳᠪᠦᠷᠢᠯᠡᠬᠦ ᠶᠢᠨ ᠲᠥᠯᠥᠭᠡ᠂ ᠯᠢ ᠪᠠᠭᠰᠢ ᠪᠠᠰᠠ ᠲᠠᠷᠢᠶᠠᠴᠢᠨ ᠡᠷᠤᠭᠡ ᠶᠢᠨ ᠬᠦᠯᠡᠮᠵᠢ ᠳᠤ ᠭᠦᠨᠵᠡᠭᠡᠶᠢᠷᠡᠨ᠂ ᠲᠤᠬᠠᠢ ᠶᠢᠨ ᠲᠠᠯᠠᠪᠤᠷ ᠲᠤ ᠲᠠᠷᠢᠶᠠᠴᠢᠨ ᠡᠷᠤᠭᠡ ᠶᠢᠨ ᠡᠪᠡᠳᠴᠢᠨ ᠤ ᠬᠥᠨᠥᠭᠡᠯ ᠢ ᠣᠨᠣᠰᠢᠯᠠᠵᠤ᠂ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠪᠡ᠃      7 ᠰᠠᠷ᠎ᠠ ᠶᠢᠨ 4 ᠤ ᠡᠳᠦᠷ᠂ ᠯᠢ ᠪᠦᠦ ᠵᠢᠦᠢ ᠬᠠᠷᠠᠴᠢᠨ ᠬᠤᠰᠢᠭᠤᠨ ᠤ ᠸᠠᠩ ᠶᠧ ᠹᠦ᠋ ᠪᠠᠯᠭᠠᠰᠤᠨ ᠤ ᠰᠦᠯᠢᠶᠥᠦ ᠫᠧᠩ ᠤᠨ ᠲᠥᠪᠡᠳ ᠬᠠᠰᠢ ᠶᠢᠨ ᠬᠦᠷᠢᠶᠡᠯᠡᠩ ᠲᠣᠭᠤᠷᠢᠭ ᠲᠤ ᠬᠦᠷᠴᠦ᠂ ᠬᠦᠷᠢᠶᠡᠯᠡᠩ ᠲᠣᠭᠤᠷᠢᠭ ᠲᠤ ᠣᠯᠠᠨ ᠡᠭᠦᠰᠳᠡᠭ ᠪᠣᠷᠣ ᠲᠣᠯᠪᠣᠲᠤ ᠡᠪᠡᠳᠴᠢᠨ᠂ ᠰᠢᠷᠬᠠᠯᠠᠭ᠎ᠠ ᠶᠢᠨ ᠡᠪᠡᠳᠴᠢᠨ ᠵᠡᠷᠭᠡ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠪᠠ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠢᠯᠣᠭᠤᠳᠤᠯᠭ᠎ᠠ ᠬᠢᠪᠡ᠃ᠯᠢ ᠪᠦᠦ ᠵᠢᠦᠢ ᠡᠨᠡ ᠤᠳᠠᠭ᠎ᠠ ᠤᠯᠠᠭᠠᠨᠬᠠᠳᠠ ᠳᠤ ᠠᠶᠢᠯᠴᠢᠯᠠᠬᠤ ᠳᠤ ᠪᠠᠨ᠂ ᠣᠳᠣᠬᠠᠨ ᠤ ᠲᠦᠬᠦᠭᠡᠷᠦᠮᠵᠢᠳᠤ ᠲᠥᠪᠡᠳ ᠬᠠᠰᠢ ᠶᠢᠨ ᠦᠢᠯᠡᠳᠪᠦᠷᠢᠯᠡᠯ ᠳᠤ ᠣᠷᠣᠰᠢᠵᠤ ᠪᠠᠶᠢᠭ᠎ᠠ ᠭᠤᠣᠯ ᠪᠣᠯᠬᠤ ᠡᠪᠡᠳᠴᠢᠨ ᠤ ᠬᠥᠨᠥᠭᠡᠯ ᠢ ᠪᠠᠶᠢᠴᠠᠭᠠᠨ ᠰᠤᠳᠤᠯᠤᠭᠰᠠᠨ ᠪᠥᠭᠡᠳ ᠦᠯᠢᠭᠡᠷ ᠡᠳ᠋ ᠠᠪᠤᠪᠠ᠃ ᠡᠭᠦᠨ ᠤ ᠬᠠᠮᠲᠤ ᠪᠣᠯᠪᠠᠰᠤᠷᠠᠭᠤᠯᠤᠯ ᠤᠨ ᠠᠩᠭᠢ ᠡᠷᠭᠢᠯᠡᠬᠦ᠂ ᠲᠤᠬᠠᠢ ᠶᠢᠨ ᠲᠠᠯᠠᠪᠤᠷ ᠲᠤ ᠮᠡᠷᠭᠡᠵᠢᠯ ᠤᠨ ᠵᠢᠯᠣᠭᠤᠳᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠠᠷᠢᠶᠠᠴᠢᠨ ᠡᠷᠦᠬᠡ ᠳᠤ ᠵᠢᠯᠣᠭᠤᠳᠤᠯᠭ᠎ᠠ ᠬᠢᠵᠦ᠂ ᠲᠠᠷᠢᠶᠠᠴᠢᠨ ᠡᠷᠦᠬᠡ ᠳᠤ ᠪᠠᠴᠢᠮ ᠬᠡᠷᠡᠭᠴᠡᠭᠡ ᠲᠠᠢ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠬᠠᠩᠭᠠᠵᠤ᠂ ᠤᠯᠠᠭᠠᠨᠬᠠᠳᠠ ᠬᠤᠲᠠ ᠶᠢᠨ ᠪᠡᠯᠡᠳᠭᠡᠮᠵᠢᠳᠦ ᠲᠥᠪᠡᠳ ᠬᠠᠰᠢ ᠶᠢᠨ ᠦᠢᠯᠡᠳᠪᠦᠷᠢᠯᠡᠯ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠤᠯᠠᠭᠠᠨᠬᠠᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠥᠷᠲᠡᠭᠡᠨ ᠤ ᠳᠠᠷᠤᠭ᠎ᠠ ᠵᠠᠩ ᠰᠢᠶᠣᠣ ᠮᠧᠢ᠂ ᠪᠦᠯᠬᠦᠮ ᠤᠨ ᠭᠡᠰᠢᠭᠦᠨ ᠸᠠᠩ ᠰᠢᠸ ᡁᠢ᠂ ᠼᠦᠢ ᠼᠦᠩ ᠼᠦᠩ ᠲᠤᠰ ᠠᠵᠢᠯᠯᠠᠭ᠎ᠠ ᠳᠤ ᠣᠷᠣᠯᠴᠠᠪᠠ᠃ 
图片1.png
 
图片2.png
 
图片3.png
 
图片4.png
 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号