ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠮᠠᠯᠵᠢᠬᠤ ᠲᠠᠷᠢᠶᠠᠯᠠᠬᠤ ᠣᠷᠣᠨ ᠤ ︽ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ︾ ᠪᠠ ︽ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ︾ ᠶᠢᠨ ᠵᠢᠱᠢᠶ᠎ᠡ ᠦᠵᠡᠭᠦᠯᠬᠦ ᠪᠣᠯᠪᠠᠰᠤᠷᠠᠭᠤᠯᠤᠯ ᠤᠨ ᠠᠩᠭᠢ ᠬᠥᠯᠥᠨ ᠪᠤᠶᠢᠷ ᠬᠤᠲᠠ ᠶᠢᠨ ᠠᠷᠤᠨ ᠬᠤᠰᠢᠭᠤᠨ ᠤ ᠢᠡᠭᠡ ᠰᠢᠶᠠᠩ ᠳᠤ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2022/7/6
      6 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠭᠠᠵᠠᠷ ᠠᠴᠠ ᠳᠠᠭᠠᠭᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠮᠠᠯᠵᠢᠬᠤ ᠲᠠᠷᠢᠶᠠᠯᠠᠬᠤ ᠣᠷᠣᠨ ᠤ ︽ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ︾ ᠪᠠ ︽ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ︾ ᠶᠢᠨ ᠵᠢᠱᠢᠶ᠎ᠡ ᠦᠵᠡᠭᠦᠯᠬᠦ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠠᠩᠭᠢ ᠬᠥᠯᠥᠨ ᠪᠤᠶᠢᠷ ᠬᠤᠲᠠ ᠶᠢᠨ ᠠᠷᠤᠨ ᠬᠤᠰᠢᠭᠤᠨ ᠤ ᠢᠡᠭᠡ ᠰᠢᠶᠠᠩ ᠤᠨ ᠹᠦ᠋ ᠵᠢᠢ ᠬᠡᠷᠡᠭᠯᠡᠭᠡᠨ ᠤ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠰᠤᠷᠤᠯᠭ᠎ᠠ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠠᠤᠯᠢ ᠲᠣᠭᠲᠠᠭᠠᠯ ᠤᠨ ᠭᠠᠵᠠᠷ ᠤᠨ ᠳᠠᠷᠤᠭ᠎ᠠ ᠵᠧᠦ ᠯᠠᠢ ᠱᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠥᠮᠦᠵᠢᠯ ᠪᠣᠯᠪᠠᠰᠤᠷᠠᠭᠤᠯᠤᠯ ᠤᠨ ᠭᠠᠵᠠᠷ ᠤᠨ ᠳᠠᠷᠤᠭ᠎ᠠ ᠪᠠᠨ ᠢ ᠴᠧᠩ᠂ ᠭᠠᠵᠠᠷ ᠤᠨ ᠳᠡᠳ᠋ ᠳᠠᠷᠤᠭ᠎ᠠ ᠱᠢ ᠶᠦᠨ ᠹᠧᠩ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠲᠦᠩ ᠴᠦᠨ ᠯᠢᠩ ᠨᠠᠷ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ ᠪᠥᠬᠦ ᠣᠷᠣᠨ ᠤ 12 ᠠᠶᠢᠮᠠᠭ ᠬᠤᠲᠠ ᠠᠴᠠ ᠢᠷᠡᠭᠰᠡᠨ ᠬᠡᠷᠡᠭᠯᠡᠭᠡᠨ ᠤ ᠴᠢᠳᠠᠪᠤᠷᠢᠲᠠᠨ᠂ ᠲᠣᠰᠬᠤᠨ ᠤ ︽ᠬᠤᠶᠠᠷ ᠵᠥᠪᠯᠡᠯ︾ ᠤᠨ ᠭᠡᠰᠢᠭᠦᠨ᠂ ᠲᠣᠰᠬᠤᠨ ᠤ ᠺᠠᠳ᠋ᠷ᠂ ᠨᠠᠮ ᠤᠨ ᠭᠡᠰᠢᠭᠦᠨ ᠪᠠ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ 360 ᠬᠥᠮᠥᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠢ᠃
1.png
       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠪ ᠤᠨ ᠪᠠᠶᠢᠳᠠᠯ ᠳᠣᠣᠷ᠎ᠠ ᠂ ᠪᠣᠯᠪᠠᠰᠤᠷᠠᠭᠤᠯᠤᠯ ᠢ ᠰᠦᠯᠵᠢᠶᠡᠨ ᠳᠡᠭᠡᠷ᠎ᠡ ᠰᠤᠷᠤᠯᠴᠠᠬᠤ ᠠᠷᠭ᠎ᠠ ᠶᠢ ᠬᠡᠷᠡᠭᠯᠡᠪᠡ ᠂ ᠲᠤᠰ ᠤᠳᠠᠭ᠎ᠠ ᠶᠢᠨ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ ᠶᠢᠨ ᠪᠣᠯᠪᠠᠰᠤᠷᠠᠭᠤᠯᠤᠯ ᠤᠨ ᠠᠩᠭᠢ ᠶᠢ ᠪᠦᠬᠦ ᠣᠷᠣᠨ ᠳᠤ ᠠᠩᠬ᠎ᠠ ᠤᠳᠠᠭ᠎ᠠ ᠡᠷᠬᠢᠯᠡᠪᠡ ᠂ ᠲᠡᠭᠦᠨ ᠤ ᠵᠣᠷᠢᠯᠲᠠ ᠪᠣᠯ ᠬᠥᠳᠡᠭᠡ ᠲᠣᠰᠬᠤᠨ ᠤ ᠬᠠᠤᠯᠢ ᠳᠦᠷᠢᠮ ᠤᠨ ᠣᠶᠢᠯᠠᠭᠠᠭᠳᠠᠬᠤᠨ ᠢ ᠳᠡᠭᠡᠭᠰᠢᠯᠡᠭᠦᠯᠵᠦ ᠂ ᠮᠠᠯᠴᠢᠨ ᠲᠠᠷᠢᠶᠠᠴᠢᠨ ᠤ ᠬᠠᠤᠯᠢᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠠᠤᠯᠢ ᠴᠠᠭᠠᠵᠠ ᠶᠢᠨ ᠪᠠᠯᠠᠢ ᠴᠡᠭ ᠪᠠ ᠲᠦᠭᠵᠢᠷᠡᠯ ᠢ ᠰᠢᠢᠳᠪᠦᠷᠢᠯᠡᠵᠦ ᠂ ᠬᠥᠳᠡᠭᠡ ᠲᠣᠰᠬᠤᠨ ᠤ ᠬᠠᠤᠯᠢ ᠶᠣᠰᠣᠭᠠᠷ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ ᠃      ᠰᠤᠷᠤᠯᠭ᠎ᠠ ᠡᠬᠢᠯᠡᠭᠰᠡᠨ ᠤ ᠳᠠᠷᠠᠭ᠎ᠠ ᠬᠥᠯᠥᠨ ᠪᠤᠶᠢᠷ ᠬᠤᠲᠠ ᠵᠢᠴᠢ ᠬᠤᠯᠪᠣᠭᠳᠠᠯ ᠪᠦᠬᠦᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠤᠳᠤᠷᠢᠳᠤᠯᠭ᠎ᠠ ᠶᠢᠨ ᠪᠠᠷ᠎ᠠ ᠪᠣᠯᠣᠯᠭ᠎ᠠ ᠲᠠᠢ ᠪᠠᠷ᠂ ᠨᠢᠭᠡ ᠪᠦᠯᠦᠭ ᠬᠥᠮᠥᠰ ᠤᠷᠢᠳ ᠬᠤᠵᠢᠳ ᠠᠷᠤᠨ ᠬᠤᠰᠢᠭᠤᠨ ᠤ ᠰᠠᠨ ᠴᠠ ᠾᠧ ᠪᠠᠯᠭᠠᠰᠤᠨ ᠤ ᠪᠠᠢ ᠬᠤᠸᠠ ᠴᠢᠤᠸᠠᠨ ᠲᠣᠰᠬᠤᠨ ᠤ ᠡᠪᠡᠰᠦᠨ ᠡᠮ ᠳᠠᠷᠢᠬᠤ ᠰᠠᠭᠤᠷᠢᠨ ᠭᠠᠵᠠᠷ ᠂ ᠳ᠋ᠠ ᠶᠠᠩ ᠱᠦ ᠪᠠᠯᠭᠠᠰᠤᠨ ᠤ ᠢ ᠯᠢ ᠶᠢᠨ ᠮᠠ ᠠᠨ ᠱᠠᠨ ᠲᠣᠰᠬᠤᠨ ᠵᠡᠷᠭᠡ 10 ᠲᠣᠰᠬᠤᠨ ᠳᠤ ᠬᠦᠷᠴᠦ ᠂ ᠳ᠋ᠧᠩ ᠲᠧ ᠺᠧ ᠠᠨ ᠮᠢᠨ ᠲᠣᠰᠬᠤᠨ᠂ ᠰᠢᠪᠠᠷᠲᠤ ᠪᠠᠯᠭᠠᠰᠤᠨ ᠤ ᠰᠢᠩ ᠯᠦᠩ ᠲᠣᠰᠬᠤᠨ ᠤ ᠯᠦᠩ ᠶᠦᠨ ᠲᠠᠷᠢᠶᠠᠯᠠᠩ ᠤᠨ ᠮᠠᠰᠢᠨ ᠤ ᠬᠤᠷᠰᠢᠶ᠎ᠠ᠂ ᠵᠠᠯᠠᠨ ᠠᠶᠢᠯ ᠤᠨ ᠳᠠᠭᠤᠷ ᠦᠨᠳᠦᠰᠦᠲᠡᠨ ᠤ ᠰᠢᠶᠠᠩ ᠤᠨ ᠮᠠᠨᠳᠤ ᠲᠣᠰᠬᠤᠨ ᠤ ᠵᠥᠩ ᠴᠢ ᠲᠠᠷᠢᠶᠠᠯᠠᠩ ᠤᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠮᠠᠨᠳᠤ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ ᠸᠠᠩ ᠵᠦᠩ ᠴᠢ ᠶᠢᠨ ︽ ᠵᠦᠩ ᠴᠢ ᠲᠠᠷᠢᠶᠠᠯᠠᠩ ᠤᠨ ᠮᠠᠰᠢᠨ ᠤ ᠬᠤᠷᠰᠢᠶ᠎ᠠ ︾ ᠂ ᠺᠦᠩ ᠰᠢᠶᠠᠨ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠭᠠᠵᠠᠷ ᠲᠤ ᠰᠤᠷᠤᠭᠴᠢᠳ ᠲᠠᠢ ᠣᠳᠣᠬᠠᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠂ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠮᠥᠩᠭᠦᠨ ᠭᠦᠢᠯᠭᠡᠭᠡᠨ ᠤ ᠮᠡᠬᠡᠯᠡᠯ ᠢ ᠰᠡᠷᠭᠡᠶᠢᠯᠡᠬᠦ ᠂ ᠠᠵᠤ ᠠᠬᠤᠢ ᠶᠢᠨ ᠵᠠᠭᠤᠷᠠᠯᠳᠤᠭᠠᠨ ᠢ ᠪᠠᠭᠠᠰᠬᠠᠬᠤ ᠂ ᠰᠤᠷᠤᠭᠴᠢᠳ ᠤᠨ ᠬᠠᠤᠯᠢᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢᠨ ᠲᠤᠬᠠᠢ ᠶᠠᠷᠢᠯᠴᠠᠨ ᠰᠣᠯᠢᠯᠴᠠᠵᠠᠢ ᠃ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠭᠠᠨ ᠰᠤᠷᠭᠠᠬᠤ ᠬᠡᠯᠪᠡᠷᠢ ᠮᠠᠶ᠋ᠢᠭ᠂ ᠰᠤᠷᠤᠭᠴᠢᠳ ᠤᠨ ᠵᠢᠭᠠᠨ ᠰᠤᠷᠭᠠᠬᠤ ᠬᠠᠮᠢᠶᠠᠷᠤᠯᠲᠠ᠂ ᠬᠢᠴᠢᠶᠡᠯ ᠤᠨ ᠵᠢᠷᠤᠭ ᠲᠥᠯᠥᠪᠯᠡᠭᠡ᠂ ᠵᠢᠭᠠᠨ ᠰᠤᠷᠭᠠᠬᠤ ᠠᠷᠭ᠎ᠠ ᠵᠡᠷᠭᠡ ᠠᠭᠤᠯᠭ᠎ᠠ ᠶᠢ ᠨᠡᠪᠲᠡᠷᠡᠯᠴᠡᠵᠦ᠂ ᠰᠤᠷᠤᠭᠴᠢᠳ ᠤᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤ  ᠨᠢ ᠤᠶᠢᠯᠠᠭᠠᠪᠠ ᠃
2.png
       ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ ᠣᠶᠢᠯᠠᠭᠠᠭᠰᠠᠨ ᠨᠢ᠂ ᠪᠣᠯᠪᠠᠰᠤᠷᠠᠭᠤᠯᠤᠯ ᠳᠤ ᠣᠷᠣᠯᠴᠠᠵᠤ ᠥᠩᠭᠡᠷᠡᠭᠰᠡᠨ ᠰᠤᠷᠤᠭᠴᠢᠳ ᠤᠨ ᠦᠵᠡᠯ ᠰᠠᠨᠠᠭ᠎ᠠ ᠲᠠᠨᠢᠯᠲᠠ᠂ ᠦᠶᠯᠡ ᠠᠵᠢᠯᠯᠠᠭᠠᠨ ᠤ ᠵᠢᠷᠤᠮᠵᠢᠯ᠂ ᠣᠶᠤᠨ ᠰᠠᠨᠠᠭᠠᠨ ᠤ ᠳᠦᠷᠰᠦ ᠪᠠᠶᠢᠳᠠᠯ ᠨᠢ ᠴᠥᠮ ᠰᠠᠶᠢᠵᠢᠷᠠᠯᠲᠠ ᠲᠠᠢ ᠪᠣᠯᠵᠠᠢ᠄ ᠨᠢᠭᠡ ᠳᠤ ᠰᠡᠳᠬᠢᠴᠡ ᠪᠠᠨ ᠬᠤᠪᠢᠷᠠᠭᠤᠯᠵᠤ᠂ ᠰᠢᠨ᠎ᠡ ᠮᠡᠷᠭᠡᠵᠢᠯ᠂ ᠰᠢᠨ᠎ᠡ ᠣᠶᠢᠯᠠᠭᠠᠭᠳᠠᠬᠤᠨ ᠢ ᠭᠥᠯᠢᠶᠡᠨ ᠠᠪᠬᠤ ᠴᠢᠳᠠᠪᠤᠷᠢ ᠨᠢ ᠳᠡᠭᠡᠭᠰᠢᠯᠡᠪᠡ︔ ᠬᠤᠶᠠᠷ ᠲᠤ ᠂ ᠬᠡᠪ ᠪᠣᠯᠪᠠᠰᠤᠷᠠᠯ  ᠨᠢ ᠳᠡᠭᠡᠭᠰᠢᠯᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠰᠤᠷᠤᠭᠴᠢᠳ ᠵᠣᠷᠢᠭᠲᠠᠢ ᠪᠠᠷ ᠭᠠᠪᠰᠢᠭᠠᠶᠢᠯᠠᠨ ᠵᠣᠷᠢᠭᠲᠠᠢ ᠪᠠᠷ ᠠᠵᠢᠯᠯᠠᠵᠤ ᠂ ᠦᠢᠯᠡᠰ ᠪᠣᠰᠬᠠᠬᠤ ᠳᠤᠮᠳᠠ ᠢᠳᠡᠪᠬᠢᠲᠡᠢ ᠣᠷᠣᠯᠴᠠᠪᠠ ︔ ᠭᠤᠷᠪᠠ ᠳᠤ ᠂ ᠪᠡᠶ᠎ᠡ ᠶᠢᠨ ᠭᠠᠷᠤᠯ ᠢᠶᠠᠨ ᠬᠤᠪᠢᠷᠠᠭᠤᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ ᠂ ᠳᠠᠶᠢᠴᠢᠯᠠᠬᠤ ᠴᠢᠳᠠᠪᠤᠷᠢ  ᠨᠢ ᠡᠳᠦᠷ ᠢᠷᠡᠬᠦᠶ᠎ᠡ ᠨᠡᠮᠡᠭᠳᠡᠪᠡ᠃  ᠭᠦᠨᠵᠡᠭᠡᠢ ᠬᠤᠪᠢᠷᠠᠯᠲᠠ ᠭᠠᠷᠴᠤ ᠪᠠᠶᠢᠭ᠎ᠠ ᠬᠥᠳᠡᠭᠡ ᠲᠣᠰᠬᠤᠨ ᠪᠣᠯ ᠶᠠᠭ ᠨᠢᠭᠡᠨ ᠵᠢᠵᠢᠭ ᠨᠡᠶᠢᠭᠡᠮ ᠰᠢᠭ ᠢᠶᠠᠷ ᠭᠠᠴᠠᠭᠠᠨ ᠤ ᠠᠷᠠᠳ ᠤᠨ ᠬᠠᠤᠯᠢ ᠰᠤᠷᠬᠤ ᠶᠢ ᠲᠦᠷᠭᠡᠪᠴᠢᠯᠡᠨ ᠠᠬᠢᠭᠤᠯᠬᠤ ᠳᠤ ᠬᠠᠤᠯᠢ ᠶᠢ ᠬᠡᠷᠡᠭᠯᠡᠬᠦ ᠪᠣᠯ ᠲᠤᠯᠭᠠᠮ ᠶᠠᠪᠤᠳᠠᠯ ᠮᠥᠨ ᠂ ᠬᠥᠳᠡᠭᠡ ᠲᠣᠰᠬᠤᠨ ᠤ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠬᠦ ᠳᠠᠭᠠᠭᠤᠯᠤᠭᠴᠢ ᠶᠢ ᠲᠦᠷᠭᠡᠬᠡᠨ ᠬᠥᠮᠥᠵᠢᠭᠦᠯᠵᠦ ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ ᠂ ᠬᠥᠳᠡᠭᠡ ᠲᠣᠰᠬᠤᠨ ᠤ ᠠᠵᠢᠯ ᠶᠠᠪᠤᠳᠠᠯ ᠬᠢᠬᠦ ᠳᠤ ᠪᠠᠨ ᠬᠠᠤᠯᠢ ᠶᠣᠰᠣᠭᠠᠷ ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠂ ᠪᠦᠬᠦ ᠠᠷᠠᠳ ᠢᠶᠠᠷ ᠢᠶᠠᠨ ᠤᠬᠠᠮᠰᠠᠷ ᠠᠴᠠ ᠪᠠᠨ ᠬᠠᠤᠯᠢ ᠶᠢ ᠰᠠᠬᠢᠬᠤ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃
4.png
       ᠬᠤᠶᠢᠰᠢᠳᠠ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠭᠠᠵᠠᠷ ᠤᠨ ᠬᠢᠨ ᠬᠤᠶᠢᠰᠢᠳᠠ ᠶᠢᠨ ᠪᠣᠯᠪᠠᠰᠤᠷᠠᠭᠤᠯᠤᠯ ᠤᠨ ᠬᠢᠴᠢᠶᠡᠯ ᠤᠨ ᠪᠦᠲᠦᠮᠵᠢᠲᠦ ᠴᠢᠨᠠᠷ᠂ ᠰᠣᠷᠣᠭᠴᠢ ᠶᠢᠨ ᠭᠥᠯᠢᠶᠡᠨ ᠠᠪᠬᠤ ᠬᠡᠮᠵᠢᠶ᠎ᠡ᠂ ᠨᠡᠶᠢᠭᠡᠮ ᠠᠴᠠ ᠪᠣᠶ ᠪᠣᠯᠤᠭᠰᠠᠨ ᠦᠨ᠎ᠡ ᠥᠷᠲᠡᠭ᠂ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠪᠰᠤᠷᠤᠨ ᠦᠢᠯᠡᠳᠪᠦᠷᠢᠯᠡᠯ ᠤᠨ ᠬᠦᠴᠦᠨ ᠢ ᠨᠢ ᠬᠤᠪᠢᠷᠠᠭᠤᠯᠬᠤ᠂ ᠣᠲᠣ ᠶᠢᠨ ᠣᠶᠢᠯᠠᠭᠠᠭᠳᠠᠬᠤᠨ ᠢ ᠨᠢ ᠰᠢᠨᠡᠳᠬᠡᠬᠦ ᠵᠡᠷᠭᠡ ᠴᠢᠭᠯᠡᠯ ᠳᠤ ᠴᠢᠭᠯᠡᠭᠦᠯᠦᠨ ᠦᠷᠭᠦᠯᠵᠢᠯᠡᠨ ᠴᠢᠷᠮᠠᠶᠢᠵᠤ᠂ ᠬᠢᠴᠢᠶᠡᠯ ᠤᠨ ᠲᠥᠯᠥᠪᠯᠡᠭᠡ ᠶᠢ ᠰᠢᠯᠢᠳᠡᠭᠵᠢᠭᠦᠯᠦᠨ᠂ ᠲᠠᠷᠢᠶᠠᠴᠢᠳ ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠪᠣᠯᠭᠠᠨ᠎ᠠ᠃      ︽ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠪᠣᠯ ᠵᠠᠩᠭᠢᠯᠠᠭ᠎ᠠ ᠪᠣᠯᠣᠨ᠎ᠠ ︾ ᠂ ᠭᠠᠭᠴᠠ ᠬᠦ ᠴᠢᠳᠠᠪᠤᠷᠢᠲᠠᠨ ᠤ ᠬᠠᠩᠭᠠᠯᠭ᠎ᠠ ᠶᠢ ᠳᠠᠭᠠᠵᠤ ᠳᠡᠶᠢᠯᠦᠪᠡᠯ ᠠᠵᠤ ᠦᠢᠯᠡᠰ ᠰᠠᠶ᠋ᠢ ᠬᠥᠭᠵᠢᠵᠦ ᠂ ᠰᠣᠶᠣᠯ ᠰᠠᠶ᠋ᠢ ᠰᠡᠷᠭᠦᠨ ᠮᠠᠨᠳᠤᠵᠤ ᠂ ᠰᠤᠷᠭᠠᠨ ᠬᠥᠮᠦᠵᠢᠯ ᠤᠨ ᠶᠠᠰᠤ ᠴᠢᠨᠠᠷ ᠰᠠᠶ᠋ᠢ ᠳᠡᠭᠡᠭᠰᠢᠯᠡᠵᠦ ᠂ ᠰᠢᠨ᠎ᠡ ᠬᠡᠪ ᠵᠠᠭᠪᠤᠷ ᠰᠢᠨ᠎ᠡ ᠡᠵᠡᠩᠨᠡᠯᠲᠡ ᠶᠢᠨ ᠬᠡᠯᠪᠡᠷᠢ ᠰᠠᠶ᠋ᠢ ᠲᠠᠰᠤᠷᠠᠯᠳᠡ ᠦᠭᠡᠢ ᠴᠣᠯᠭᠤᠷᠠᠨ ᠭᠠᠷᠴᠤ ᠂ ᠡᠭᠦᠨ ᠤ ᠤᠯᠠᠮ ᠠᠴᠠ ᠬᠥᠳᠡᠭᠡ ᠲᠣᠰᠬᠤᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠬᠦᠭᠵᠢᠨ ᠮᠠᠨᠳᠣᠯᠲᠠ ᠶᠢ ᠲᠦᠯᠬᠢᠨ ᠠᠬᠢᠭᠤᠯᠵᠤ ᠴᠢᠳᠠᠨ᠎ᠠ ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号