ᠮᠠᠨ ᠤ ᠤᠷᠤᠨ ᠲᠠᠷᠢᠶᠠᠯᠠᠩ ᠢ ᠳᠡᠮᠵᠢᠬᠦ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠠᠷᠠᠳ ᠤᠨ ᠪᠠᠩᠭᠢ ᠶᠢᠨ ᠵᠢᠬᠡᠯᠡᠯᠬᠡ ᠶᠢ 43.4 ᠳ᠋ᠦᠩᠰᠢᠭᠤᠷ ᠲᠥᠭᠦᠷᠢᠭ ᠲᠠᠯᠪᠢᠪᠠ
ᠨᠡᠶᠢᠲᠡᠯᠡᠭᠰᠡᠨ ᠴᠠᠭ᠄
2022/7/7
      ᠡᠨᠡ ᠵᠢᠯ ᠠᠴᠠ ᠨᠠᠭᠠᠰᠢ᠂ ᠮᠠᠨ ᠤ ᠤᠷᠤᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠡᠬᠡ ᠬᠦᠦ ᠮᠦᠩᠭᠦ ᠶᠢ ᠬᠤᠶᠢᠰᠢᠯᠠᠭᠤᠯᠤᠨ ᠪᠣᠴᠠᠭᠠᠬᠤ ᠶᠢ ᠶᠡᠭᠡ ᠪᠠᠷ ᠬᠡᠷᠡᠭᠵᠢᠭᠦᠯᠦᠨ ᠂ ᠪᠠᠭ᠎ᠠ ᠵᠢᠵᠢᠭ ᠠᠵᠤ ᠠᠬᠤᠶᠢᠯᠠᠯ ᠪᠠ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠲᠠᠪᠤᠷᠢᠵᠢᠭᠤᠯᠤᠯᠲᠠ ᠶᠢ ᠠᠬᠢᠭᠤᠯᠵᠤ᠂ ᠤᠳᠤ ᠪᠤᠯᠳᠠᠯ᠎ᠠ᠂ ᠲᠠᠷᠢᠶᠠᠯᠠᠩ ᠢ ᠳᠡᠮᠵᠢᠬᠦ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠠᠷᠠᠳ ᠤᠨ ᠪᠠᠩᠭᠢ ᠶᠢᠨ ᠵᠢᠬᠡᠯᠡᠯᠬᠡ ᠶᠢ 43.4 ᠳ᠋ᠦᠩᠰᠢᠭᠤᠷ ᠲᠥᠭᠦᠷᠢᠭ ᠲᠠᠯᠪᠢᠪᠠ᠃      ᠡᠬᠦᠨ ᠳᠤ᠂ ᠨᠥᠬᠦᠴᠡᠯ ᠳᠤ ᠨᠡᠶᠢᠴᠡᠬᠦ ᠣᠷᠣᠨ ᠨᠤᠲᠤᠭ ᠤᠨ ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠶᠢᠯᠠᠯ ᠤᠨ ᠵᠢᠬᠡᠯᠡᠯᠬᠡ ᠶᠢ ᠳᠡᠮᠵᠢᠬᠦ ᠪᠠᠭᠠᠵᠢ ᠬᠡᠷᠡᠭᠰᠡᠯ ᠤᠨ 1446 ᠲᠦᠮᠡᠨ ᠲᠥᠭᠦᠷᠢᠭ ᠤᠨ ᠵᠢᠬᠡᠯᠡᠯᠬᠡ ᠲᠠᠯᠪᠢᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠲᠠᠢ ᠪᠠᠩᠬᠢ ᠶᠢ ᠳᠠᠶᠢᠴᠢᠯᠠᠨ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠶᠢᠯᠠᠯ ᠳᠤ 14.5 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ ᠃      ᠣᠶᠢᠷ᠎ᠠ ᠳᠤ ᠂ ᠥᠪᠡᠷᠲᠡᠭᠡᠨ ᠵᠠᠰᠠᠬᠤ ᠣᠷᠤᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠵᠤ ᠠᠬᠤᠶ ᠶᠢ ᠯᠠᠪᠳᠠᠭᠤᠨ ᠪᠠᠲᠤᠲᠠᠶ ᠲᠣᠭᠲᠠᠪᠤᠷᠢᠵᠢᠭᠤᠯᠬᠤ ᠠᠯᠢ ᠣᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠲᠤᠬᠠᠶ ᠮᠡᠳᠡᠭᠳᠡᠯ ︾ ᠢ ᠳᠠᠷᠤᠮᠠᠯᠯᠠᠨ ᠲᠠᠷᠬᠠᠭᠠᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠡᠬᠡ ᠬᠦᠦ ᠮᠦᠩᠭᠦ ᠶᠢ ᠬᠤᠶᠢᠰᠢᠯᠠᠭᠤᠯᠤᠨ ᠪᠤᠴᠠᠭᠠᠬᠤ᠂ ᠵᠣᠭᠤᠰᠤᠨ ᠤ ᠲᠦᠷᠦ ᠶᠢᠨ ᠪᠣᠳᠣᠯᠭ᠎ᠠ ᠶᠢ ᠰᠠᠶᠢᠳᠤᠷ ᠬᠡᠷᠡᠭᠯᠡᠬᠦ ᠂ ᠵᠢᠭᠡᠯᠡᠯᠭᠡ ᠶᠢᠨ ᠬᠦᠦ ᠮᠦᠩᠭᠦ ᠶᠢᠨ ᠨᠣᠷᠮ᠎ᠠ ᠶᠢ ᠪᠠᠭᠤᠷᠠᠭᠤᠯᠬᠤ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ ᠂ ᠪᠡᠯᠡ ᠬᠤᠷᠠᠮᠳᠤᠭᠤᠯᠬᠤ ᠥᠪᠡᠷ ᠤᠨ ᠦᠷᠳᠡᠭ ᠢ ᠪᠠᠭᠤᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠡᠭᠡᠭᠰᠢᠯᠡᠬᠦᠯᠵᠤ ᠪᠠᠶᠢᠨ᠎ᠠ ᠃ ᠡᠬᠦᠨ ᠠᠴᠠ ᠭᠠᠳᠠᠨ᠎ᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ᠂ ᠠᠮᠤ ᠪᠤᠳᠠᠭ᠎ᠠ ᠡᠨᠧᠷᠬᠢ ᠶᠢᠨ ᠰᠣᠷᠪᠤᠯᠵᠢ ᠶᠢᠨ ᠠᠮᠤᠷ ᠲᠦᠪᠰᠢᠨ ᠵᠡᠷᠭᠡ ᠶᠢ ᠳᠡᠮᠵᠢᠬᠦ ᠡᠷᠴᠢᠮ ᠢᠶᠠᠨ ᠤᠯᠠᠮ ᠨᠢᠬᠡ ᠠᠯᠬᠤᠮ ᠴᠢᠩᠭᠠᠷᠠᠭᠤᠯᠤᠨ᠂ ᠠᠵᠤ ᠠᠬᠤᠢ ᠶᠢᠨ ᠲᠤᠭᠳᠠᠭᠤᠨ ᠬᠦᠭᠵᠢᠯᠳᠡ ᠳᠤ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号