ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠬᠢᠭᠡᠳ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠶᠢᠨ ᠤᠷᠢᠳ ᠢᠶᠠᠷ ᠬᠡᠷᠡᠭᠵᠢᠭᠦᠯᠬᠦ ᠰᠢᠶᠠᠨ ᠢ ᠬᠠᠮᠲᠤ ᠪᠠᠷ ᠪᠠᠶᠢᠭᠤᠯᠬᠤ ᠵᠢᠴᠢ ᠲᠠᠷᠢᠶᠠᠯᠠᠩ ᠤᠨ ᠮᠡᠷᠭᠡᠵᠢᠯ ᠤᠨ ᠬᠤᠷᠠᠮᠠᠯ ᠤᠨ ᠰᠢᠨ᠎ᠡ ᠶᠢ ᠡᠭᠦᠳᠬᠦ ᠠᠵᠢᠯ ᠤᠨ ᠪᠠᠶᠢᠴᠠᠭᠠᠨ ᠰᠤᠳᠤᠯᠬᠤ ᠬᠤᠷᠠᠯ ᠬᠠᠩᠭᠢᠨ ᠬᠤᠶᠢᠲᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2022/8/1
      7 ᠰᠠᠷ᠎ᠠ ᠶᠢᠨ 28 - 29 ᠤ ᠡᠳᠦᠷ᠂ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠪᠣᠯᠣᠨ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠶᠢᠨ ᠤᠷᠢᠳ ᠢᠶᠠᠷ ᠬᠡᠷᠡᠭᠵᠢᠭᠦᠯᠬᠦ ᠰᠢᠶᠠᠨ ᠢ ᠬᠠᠮᠲᠤ ᠪᠠᠷ ᠪᠠᠶᠢᠭᠤᠯᠬᠤ ᠵᠢᠴᠢ ᠲᠠᠷᠢᠶᠠᠯᠠᠩ ᠤᠨ ᠮᠡᠷᠭᠡᠵᠢᠯ ᠤᠨ ᠬᠤᠷᠠᠮᠠᠯ ᠤᠨ ᠰᠢᠨ᠎ᠡ ᠶᠢ ᠡᠭᠦᠳᠬᠦ ᠠᠵᠢᠯ ᠤᠨ ᠪᠠᠶᠢᠴᠠᠭᠠᠨ ᠰᠤᠳᠤᠯᠬᠤ ᠬᠤᠷᠠᠯ ᠬᠠᠩᠭᠢᠨ ᠬᠤᠶᠢᠲᠤ ᠬᠤᠰᠢᠭᠤᠨ ᠳᠤ ᠬᠤᠷᠠᠯᠳᠤᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠧᠦ ᠳ᠋ᠣᠣ ᠴᠢᠶᠣᠤ ᠪᠠᠯᠭᠠᠰᠤ ᠶᠢᠨ ᠯᠢᠶᠠᠨ ᠹᠧᠩ ᠲᠣᠰᠬᠤᠨ ᠤ ᠪᠣᠬᠢᠷᠳᠤᠯ ᠦᠭᠡᠢ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠹᠢᠯᠢᠮ ᠂ ᠲᠧᠦ ᠳ᠋ᠣᠣ ᠴᠢᠶᠣᠤ ᠪᠠᠯᠭᠠᠰᠤ ᠶᠢᠨ ᠪᠦᠬᠦ ᠣᠷᠣᠨ ᠪᠦᠰᠡ ᠶᠢᠨ ᠲᠠᠷᠢᠮᠠᠯ ᠤᠨ ᠦᠢᠯᠡᠰ ᠤᠨ ᠪᠣᠬᠢᠷᠳᠤᠯ ᠦᠭᠡᠢ ᠥᠨᠳᠥᠷ ᠦᠷ᠎ᠡ ᠠᠰᠢᠭ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠹᠢᠯᠢᠮ ᠂ ᠡᠯ ᠳ᠋ᠣᠣ ᠴᠢᠶᠣᠤ ᠪᠠᠯᠭᠠᠰᠤ ᠶᠢᠨ ᠲᠦᠮᠡᠨ ᠮᠦ ᠶᠢᠨ ᠴᠤᠤ ᠲᠢᠶᠠᠨ ᠵᠢᠶᠣᠣ ᠪᠣᠬᠢᠷᠳᠤᠯ ᠦᠭᠡᠢ ᠥᠨᠳᠥᠷ ᠦᠷ᠎ᠡ ᠠᠰᠢᠭ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠹᠢᠯᠢᠮ ᠂ ᠡᠯ ᠳ᠋ᠣᠣ ᠴᠢᠶᠣᠤ ᠪᠠᠯᠭᠠᠰᠤ ᠶᠢᠨ ᠲᠦᠭᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠤᠳᠤ ᠦᠶ᠎ᠡ ᠶᠢᠨ ᠲᠠᠷᠢᠶᠠᠯᠠᠩ ᠤᠨ ᠲᠣᠭᠠᠴᠢᠯᠠᠭᠰᠠᠨ ᠦᠵᠡᠭᠦᠯᠦᠯᠭᠡ ᠶᠢᠨ ᠲᠢᠩᠬᠢᠮ ᠵᠡᠷᠭᠡ ᠭᠠᠵᠠᠷ ᠲᠤ ᠬᠦᠷᠪᠡ᠃ ᠲᠤᠬᠠᠢ ᠶᠢᠨ ᠭᠠᠵᠠᠷ ᠲᠤ  ᠨᠢ ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠠᠵᠤ ᠦᠢᠯᠡᠰ ᠤᠨ ᠬᠥᠭᠵᠢᠯᠲᠡ ᠪᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠵᠢᠱᠢᠶ᠎ᠡ ᠦᠵᠡᠭᠦᠯᠦᠨ ᠳᠡᠯᠭᠡᠷᠡᠭᠦᠯᠦᠨ ᠬᠡᠷᠡᠭᠯᠡᠭᠰᠡᠨ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠦᠩ ᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠢ ᠲᠦᠯᠦᠭᠡᠯᠡᠨ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠰᠢᠦᠢ ᠱᠤ᠋ ᠷᠧᠨ ᠨᠠᠷ ᠤᠨ ᠬᠠᠩᠭᠢᠨ ᠬᠤᠶᠢᠲᠤ ᠬᠤᠰᠢᠭᠤᠨ ᠳᠤ ᠬᠦᠷᠴᠦ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠶᠢᠨ ᠤᠷᠢᠳ ᠢᠶᠠᠷ ᠬᠡᠷᠡᠭᠵᠢᠭᠦᠯᠬᠦ ᠰᠢᠶᠠᠨ ᠢ ᠬᠠᠮᠲᠤ ᠪᠠᠷ ᠪᠠᠶᠢᠭᠤᠯᠬᠤ ᠂ ᠲᠠᠷᠢᠶᠠᠯᠠᠩ ᠤᠨ ᠮᠡᠷᠭᠡᠵᠢᠯ ᠤᠨ ᠬᠤᠷᠠᠮᠠᠯ ᠤᠨ ᠰᠢᠨ᠎ᠡ ᠶᠢ ᠡᠭᠦᠳᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ ᠳᠤ ᠪᠠᠶᠠᠷᠯᠠᠨ ᠤᠭᠲᠤᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠪᠡ ᠃ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠢᠯᠡᠷᠬᠡᠶᠢᠯᠡᠭᠰᠡᠨ ᠨᠢ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠬᠠᠩᠭᠢᠨ ᠬᠤᠶᠢᠲᠤ ᠬᠤᠰᠢᠭᠤ ᠶᠢ ᠤᠷᠢᠳ ᠬᠤᠵᠢᠳ ︽ᠪᠥᠬᠦ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠶᠢᠨ ᠤᠷᠢᠳ ᠢᠶᠠᠷ ᠬᠡᠷᠡᠭᠵᠢᠭᠦᠯᠬᠦ ᠰᠢᠶᠠᠨ︾ ᠢ ᠡᠭᠦᠳᠦᠨ ᠪᠠᠶᠢᠭᠤᠯᠬᠤ ᠬᠤᠰᠢᠭᠤ ᠰᠢᠶᠠᠨ ᠪᠠ ︽ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠲᠥᠪ ᠤᠨ ᠮᠡᠷᠭᠡᠵᠢᠯ ᠤᠨ ᠬᠤᠷᠠᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠲᠤ ᠵᠢᠬᠰᠠᠭᠠᠪᠠ ᠂ ᠡᠨᠡ ᠪᠣᠯ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠨᠤᠲᠠᠯᠠᠯᠲᠠ ᠪᠠ ᠵᠣᠷᠢᠭᠵᠢᠭᠤᠯᠤᠯ ᠪᠣᠯᠣᠨ᠎ᠠ᠃ ᠪᠢᠳᠡ ᠡᠨᠡ ᠬᠦ ᠬᠢᠯᠪᠠᠷ ᠪᠤᠰᠤ ᠪᠠᠷ ᠣᠯᠣᠭᠰᠠᠨ ᠠᠵᠠ ᠲᠣᠬᠢᠶᠠᠯ ᠪᠣᠯᠣᠨ ᠢᠷᠠᠭᠤ ᠠᠯᠳᠠᠷ ᠢᠶᠠᠨ ᠬᠤᠪᠢ ᠲᠠᠬᠢᠨ ᠨᠠᠨᠳᠢᠩᠨᠠᠵᠤ ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠂ ᠨᠢᠭᠲᠠ ᠬᠠᠮᠵᠢᠯᠴᠠᠵᠤ ᠂ ᠤᠷᠢᠳ ᠢᠶᠠᠷ ᠬᠡᠷᠡᠭᠵᠢᠭᠦᠯᠬᠦ ᠰᠢᠶᠠᠨ ᠤ ᠬᠠᠮᠲᠤ ᠪᠠᠷ ᠪᠠᠶᠢᠭᠤᠯᠬᠤ ᠪᠠ ᠮᠡᠷᠭᠡᠵᠢᠯ ᠤᠨ ᠬᠤᠷᠠᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ  ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠡᠷᠲᠡᠬᠡᠨ ᠦᠷ᠎ᠡ ᠪᠦᠲᠦᠮᠵᠢ ᠣᠯᠵᠤ ᠂ ᠦᠷ᠎ᠡ ᠪᠦᠲᠦᠭᠡᠯ ᠭᠠᠷᠭᠠᠬᠤ ᠬᠡᠷᠡᠭᠲᠡᠢ ᠭᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠰᠤᠷᠠᠨ᠎ᠠ ᠦᠪᠡᠷᠲᠡᠭᠡᠨ ᠵᠠᠰᠠᠬᠤ ᠣᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠶᠢᠨ ᠤᠷᠢᠳ ᠢᠶᠠᠷ ᠬᠡᠷᠡᠭᠵᠢᠭᠦᠯᠬᠦ ᠰᠢᠶᠠᠨ ᠢ ᠬᠠᠮᠲᠤ ᠪᠠᠷ ᠪᠠᠶᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠭᠰᠠᠨ᠂ ︽ᠳᠥᠷᠪᠡᠨ ᠱᠠᠲᠤ ᠪᠠᠷ ᠬᠤᠯᠪᠤᠭᠠᠯᠠᠨ ᠰᠢᠨ᠎ᠡ ᠶᠢ ᠡᠭᠦᠳᠬᠦ︾ ᠠᠵᠢᠯ᠂ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠭᠰᠠᠨ ᠵᠡᠷᠭᠡ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠰᠢᠦᠢ ᠱᠤ᠋ ᠷᠧᠨ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠶᠢᠨ ᠤᠷᠢᠳ ᠢᠶᠠᠷ ᠬᠡᠷᠡᠭᠵᠢᠭᠦᠯᠬᠦ ᠰᠢᠶᠠᠨ ᠢ ᠬᠠᠮᠲᠤ ᠪᠠᠷ ᠪᠠᠶᠢᠭᠤᠯᠬᠤ ᠵᠢᠴᠢ ᠲᠠᠷᠢᠶᠠᠯᠠᠩ ᠤᠨ ᠮᠡᠷᠭᠡᠵᠢᠯ ᠤᠨ ᠬᠤᠷᠠᠮᠠᠯ ᠤᠨ ᠰᠢᠨ᠎ᠡ ᠶᠢ ᠡᠭᠦᠳᠬᠦ ᠠᠵᠢᠯ ᠢ ᠥᠷᠨᠢᠭᠦᠯᠦᠭᠡᠳ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠶᠢᠨ ᠠᠵᠢᠯ ᠢᠯᠡᠳᠲᠡ ᠠᠮᠵᠢᠯᠲᠠ ᠣᠯᠵᠤ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ ᠂ ᠬᠢᠯᠠᠰ ᠴᠡᠭ ᠤᠨ ᠲᠤᠷᠰᠢᠯᠭ᠎ᠠ ᠪᠠᠨ ᠳ᠋ᠦᠩᠨᠡᠵᠦ ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠂ ᠣᠶᠤᠨᠲᠤ ᠲᠠᠷᠢᠶᠠᠯᠠᠩ ᠂ ᠪᠣᠬᠢᠷᠳᠤᠯ ᠦᠭᠡᠢ ᠳᠠᠷᠢᠵᠤ ᠲᠡᠵᠢᠭᠡᠬᠦ ᠣᠷᠴᠢᠯ ᠂ ᠮᠡᠷᠭᠡᠵᠢᠯ ᠤᠨ ᠬᠤᠷᠠᠮᠠᠯ ᠤᠨ ᠰᠢᠨ᠎ᠡ ᠶᠢ ᠡᠭᠦᠳᠬᠦ ᠵᠡᠷᠭᠡ ᠳᠦᠷᠪᠡᠨ ᠲᠠᠯ᠎ᠠ ᠪᠠᠷ ᠳᠡᠭᠡᠭᠰᠢᠯᠡᠭᠦᠯᠦᠨ ᠰᠠᠶᠢᠵᠢᠷᠠᠭᠤᠯᠬᠤ ᠶᠢ ᠴᠢᠩᠭᠠᠳᠬᠠᠵᠤ ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠶᠢᠨ ᠤᠷᠢᠳ ᠢᠶᠠᠷ ᠬᠡᠷᠡᠭᠵᠢᠭᠦᠯᠬᠦ ᠰᠢᠶᠠᠨ ᠢ ᠬᠠᠮᠲᠤ ᠪᠠᠷ ᠪᠠᠶᠢᠭᠤᠯᠬᠤ ᠵᠢᠴᠢ ᠲᠠᠷᠢᠶᠠᠯᠠᠩ ᠤᠨ ᠮᠡᠷᠭᠡᠵᠢᠯ ᠤᠨ ᠬᠤᠷᠠᠮᠠᠯ ᠤᠨ ᠰᠢᠨ᠎ᠡ ᠶᠢ ᠡᠭᠦᠳᠬᠦ ᠠᠵᠢᠯ ᠳᠤ ᠰᠠᠶᠢᠲᠤᠷ ᠰᠦᠪᠡᠭᠴᠢᠯᠡᠯᠲᠡ ᠬᠢᠵᠦ ᠂ ᠵᠠᠮ ᠳᠡᠪᠢᠰᠴᠦ ᠥᠭᠬᠦ ᠬᠡᠷᠡᠭᠲᠡᠢ ᠭᠡᠪᠡ᠃      ᠬᠤᠷᠠᠯ ᠤᠨ ᠤᠳᠤᠷᠢᠳᠤᠯᠭ᠎ᠠ ᠪᠠ ᠲᠤᠰᠬᠠᠢ ᠮᠡᠷᠭᠡᠵᠢᠯᠲᠡᠳ ᠬᠠᠩᠭᠢᠨ ᠬᠤᠶᠢᠲᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠤᠨ ᠣᠳᠣᠬᠢᠴᠢᠯᠠᠯᠲᠠ ᠶᠢᠨ ᠤᠷᠢᠳ ᠢᠶᠠᠷ ᠬᠡᠷᠡᠭᠵᠢᠭᠦᠯᠬᠦ ᠰᠢᠶᠠᠨ ᠢ ᠬᠠᠮᠲᠤ ᠪᠠᠷ ᠪᠠᠶᠢᠭᠤᠯᠬᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠬᠤᠷᠠᠭᠤᠯᠤᠨ ᠪᠠᠶᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠯᠢ ᠣᠯᠠᠨ ᠰᠠᠨᠠᠯ ᠰᠠᠨᠠᠭᠤᠯᠭ᠎ᠠ ᠳᠤᠷᠠᠳᠪᠠ ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠬᠠᠮᠲᠤ ᠶᠢᠨ ᠲᠠᠨᠢᠯᠲᠠ ᠶᠢ ᠨᠢᠭᠡᠳᠭᠡᠬᠦ ᠂ ᠣᠶᠤᠨ ᠤᠬᠠᠭᠠᠨ ᠢ ᠲᠥᠪᠯᠡᠷᠡᠭᠦᠯᠬᠦ᠂ ᠬᠦᠴᠦᠨ ᠴᠢᠳᠠᠯ ᠢ ᠨᠢᠭᠲᠠᠷᠠᠭᠤᠯᠬᠤ ᠰᠠᠶᠢᠨ ᠦᠷ᠎ᠡ ᠪᠦᠲᠦᠮᠵᠢ ᠣᠯᠪᠠ ᠃      ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠰᠢᠦᠢ ᠱᠤ᠋ ᠷᠧᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠵᠢᠴᠢ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠬᠠᠮᠢᠶ᠎ᠠ ᠪᠦᠬᠦᠢ ᠭᠠᠵᠠᠷ ᠲᠠᠰᠤᠭ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ᠂ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ︽ᠳᠥᠷᠪᠡᠨ ᠱᠠᠲᠤ ᠪᠠᠷ ᠬᠤᠯᠪᠤᠭᠠᠯᠠᠨ ᠰᠢᠨ᠎ᠡ ᠶᠢ ᠡᠭᠦᠳᠬᠦ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠴᠡᠭ ᠲᠤ ᠰᠠᠭᠤᠭᠰᠠᠨ ᠺᠠᠳ᠋ᠷ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠪᠠ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 40 ᠭᠠᠷᠤᠢ ᠬᠥᠮᠥᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠤᠯᠴᠠᠪᠠ ᠃
图片1.png
 
图片2.png
图片3.png
图片4.png
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号