ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠢ ᠲᠤᠷᠰᠢᠨ ᠬᠡᠷᠡᠭᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/8/1
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ ᠳᠤ᠄      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠂ ᠣᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠤᠰᠠᠳᠠ᠂ ᠲᠠᠪᠴᠠᠩ ᠤᠨ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠂ ᠳᠠᠭᠠᠭᠠᠴᠢᠯᠠᠨ ᠪᠠᠶᠢᠭᠤᠯᠬᠤ ᠨᠢᠭᠡᠴᠢ ᠶᠢᠨ ᠭᠤᠶᠤᠴᠢᠯᠠᠯ ᠢᠶᠠᠷ ᠳᠡᠮᠵᠢᠨ᠂ ᠪᠥᠬᠦ ᠣᠷᠣᠨ ᠤ ᠬᠡᠪᠴᠢᠶᠡᠨ ᠳᠤ ᠲᠣᠮᠣ ᠳ᠋ᠠᠶᠢᠲ᠋ᠠ ᠶᠢᠨ ᠲᠠᠪᠴᠠᠩ ᠢ ᠲᠤᠷᠰᠢᠨ ᠬᠡᠷᠡᠭᠯᠡᠬᠦ ᠪᠠᠷ ᠪᠣᠶ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ ᠃      ᠨᠢᠭᠡ᠂ ᠲᠤᠷᠰᠢᠨ ᠬᠡᠷᠡᠭᠯᠡᠬᠦ ᠠᠭᠤᠯᠭ᠎ᠠ ᠵᠢᠴᠢ ᠬᠠᠷᠢᠭᠤᠴᠠᠬᠤ ᠰᠠᠯᠠᠭ᠎ᠠ ᠮᠥᠴᠢᠷ      ︵ᠨᠢᠭᠡ︶ ᠭᠤᠣᠯ ᠴᠣᠭᠴᠠ ᠶᠢᠨ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠃ ᠭᠠᠷ ᠦᠵᠦᠭᠦᠷᠯᠢᠭ ᠢ ᠬᠡᠷᠡᠭᠯᠡᠨ ᠭᠤᠣᠯ ᠴᠣᠭᠴᠠ ᠶᠢᠨ ᠮᠡᠳᠡᠭᠡ ᠵᠠᠩᠭᠢ ᠶᠢ ᠲᠣᠮᠣ ᠳ᠋ᠠᠶᠢᠲ᠋ᠠ ᠶᠢᠨ ᠲᠠᠪᠴᠠᠩ ᠳᠤ ᠣᠷᠣᠭᠤᠯᠤᠨ ᠳᠡᠩᠰᠡᠯᠡᠨ ᠬᠠᠮᠢᠶᠠᠷᠴᠤ᠂ ᠨᠢᠭᠡᠨᠲᠡ ᠳᠡᠩᠰᠡᠯᠡᠨ ᠬᠠᠮᠢᠶᠠᠷᠤᠭᠰᠠᠨ ᠭᠤᠣᠯ ᠴᠣᠭᠴᠠ ᠶᠢᠨ ᠮᠡᠳᠡᠭᠡ ᠵᠠᠩᠭᠢ ᠶᠢ ᠲᠡᠭᠦᠯᠳᠡᠷᠵᠢᠭᠦᠯᠦᠨ᠂ ᠬᠥᠳᠡᠯᠦᠩᠭᠦᠢ ᠪᠠᠷ ᠬᠠᠮᠢᠶᠠᠷᠬᠤ ᠬᠡᠷᠡᠭᠲᠡᠢ ᠃      ᠬᠢᠨᠠᠨ ᠬᠠᠮᠢᠶᠠᠷᠤᠭᠴᠢ᠂ ᠬᠠᠪᠰᠤᠷᠤᠨ ᠬᠠᠮᠢᠶᠠᠷᠤᠭᠴᠢ ᠨᠢ ᠡᠯ᠎ᠡ ᠱᠠᠲᠤᠨ ᠤ ᠠᠮᠤᠷ ᠲᠦᠪᠰᠢᠨ ᠤ ᠲᠥᠪ ᠤᠨ ᠵᠢᠯᠣᠭᠤᠳᠤᠯᠭ᠎ᠠ ᠳᠣᠣᠷ᠎ᠠ ᠳᠠᠩᠰᠠᠯᠠᠬᠤ ᠭᠤᠣᠯ ᠴᠣᠭᠴᠠ ᠶᠢᠨ ᠮᠡᠳᠡᠭᠡ ᠵᠠᠩᠭᠢ ᠶᠢ ᠪᠢᠴᠢᠵᠦ ᠣᠷᠣᠭᠤᠯᠤᠨ᠎ᠠ︔ ᠡᠯ᠎ᠡ ᠱᠠᠲᠤᠨ ᠤ ᠠᠮᠤᠷ ᠲᠦᠪᠰᠢᠨ ᠤ ᠲᠥᠪ ᠨᠢ ᠲᠠᠪᠴᠠᠩ ᠤᠨ ᠲᠤᠭ᠎ᠠ ᠪᠠᠷᠢᠮᠲᠠ ᠶᠢ ᠬᠠᠮᠢᠶᠠᠷᠬᠤ᠂ ᠬᠠᠮᠠᠭᠠᠯᠠᠬᠤ᠂ ᠠᠩᠬ᠎ᠠ ᠬᠢᠨᠠᠬᠤ᠂ ᠪᠤᠷᠤᠭᠤ ᠶᠢ  ᠨᠢ ᠵᠠᠯᠠᠷᠠᠭᠤᠯᠬᠤ ᠶᠢ ᠬᠠᠷᠢᠭᠤᠴᠠᠬᠤ ᠶᠢᠨ ᠬᠠᠮᠲᠤ᠂ ᠭᠤᠣᠯ ᠴᠣᠭᠴᠠ ᠶᠢᠨ ᠪᠢᠴᠢᠵᠦ ᠣᠷᠣᠭᠤᠯᠬᠤ ᠠᠵᠢᠯ ᠢ ᠵᠢᠯᠣᠭᠤᠳᠤᠨ᠎ᠠ︔ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠠᠪᠴᠠᠩ ᠤᠨ ᠲᠤᠭ᠎ᠠ ᠪᠠᠷᠢᠮᠲᠠ ᠳᠤ ᠵᠠᠳᠠᠯᠤᠯᠲᠠ ᠪᠠ ᠬᠡᠷᠡᠭᠯᠡᠯᠲᠡ ᠬᠢᠵᠦ᠂ ᠭᠤᠣᠯ ᠴᠣᠭᠴᠠ ᠨᠢ ᠪᠦᠷᠢᠨ ᠭᠦᠢᠴᠡᠳ᠂ ᠮᠡᠳᠡᠭᠡ ᠵᠠᠩᠭᠢ ᠨᠢ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠬᠤᠶᠠᠷ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ᠃ ᠭᠠᠷ ᠦᠵᠦᠭᠦᠷᠯᠢᠭ ᠢ ᠠᠰᠢᠭᠯᠠᠨ ᠲᠣᠭᠤᠷᠢᠨ ᠪᠠᠶᠢᠴᠠᠭᠠᠯᠲᠠ ᠪᠠ  ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠢ᠃      ᠬᠢᠨᠠᠨ ᠬᠠᠮᠢᠶᠠᠷᠤᠭᠴᠢ᠂ ᠬᠠᠪᠰᠤᠷᠤᠨ ᠬᠠᠮᠢᠶᠠᠷᠤᠭᠴᠢ ᠨᠢ ᠭᠠᠷ ᠦᠵᠦᠭᠦᠷᠯᠢᠭ ᠢ ᠠᠰᠢᠭᠯᠠᠨ ᠲᠣᠭᠤᠷᠢᠨ ᠪᠠᠶᠢᠴᠠᠭᠠᠯᠲᠠ ᠪᠠ  ᠪᠠᠶᠢᠴᠠᠭᠠᠯᠲᠠ ᠦᠷᠨᠢᠭᠦᠯᠬᠦ ᠬᠡᠷᠡᠭᠲᠡᠢ ︔ ᠡᠯ᠎ᠡ ᠱᠠᠲᠤᠨ ᠤ ᠠᠮᠤᠷ ᠲᠦᠪᠰᠢᠨ ᠤ ᠲᠥᠪ ᠨᠢ ᠭᠠᠷ ᠦᠵᠦᠭᠦᠷᠯᠢᠭ ᠤᠨ ᠳᠡᠭᠡᠭᠰᠢ ᠳᠠᠮᠵᠢᠭᠤᠯᠤᠭᠰᠠᠨ ᠲᠤᠭ᠎ᠠ ᠪᠠᠷᠢᠮᠲᠠ ᠳᠤ ᠠᠩᠬᠠᠨ ᠤ ᠬᠢᠨᠠᠯᠲᠠ᠂ ᠬᠢᠨᠠᠨ ᠬᠠᠷᠭᠤᠭᠤᠯᠤᠯᠲᠠ᠂ ᠪᠤᠷᠤᠭᠤ ᠶᠢ ᠵᠠᠯᠠᠷᠠᠭᠤᠯᠬᠤ ᠶᠢ ᠬᠠᠷᠢᠭᠤᠴᠠᠬᠤ ᠶᠢᠨ ᠬᠠᠮᠲᠤ᠂ ᠬᠢᠨᠠᠨ ᠬᠠᠮᠢᠶᠠᠷᠤᠭᠴᠢ᠂ ᠬᠠᠪᠰᠤᠷᠤᠨ ᠬᠠᠮᠢᠶᠠᠷᠤᠭᠴᠢ ᠶᠢᠨ ᠭᠠᠷ ᠦᠵᠦᠭᠦᠷᠯᠢᠭ ᠢ ᠬᠡᠷᠡᠭᠯᠡᠬᠦ ᠶᠢ ᠵᠢᠯᠣᠭᠤᠳᠤᠨ᠎ᠠ︔ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠡᠮᠳᠡᠭᠯᠡᠬᠦ ᠲᠠᠪᠴᠠᠩ ᠳᠤ ᠭᠠᠷᠴᠤ ᠲᠣᠭᠤᠷᠢᠨ ᠪᠠᠶᠢᠴᠠᠭᠠᠯᠲᠠ ᠪᠠ  ᠪᠠᠶᠢᠴᠠᠭᠠᠯᠲᠠ ᠶᠢᠨ ᠦᠷ᠎ᠡ ᠳ᠋ᠦᠩ ᠢ ᠪᠠᠶᠢᠴᠠᠭᠠᠨ ᠦᠵᠡᠬᠦ ᠶᠢ ᠬᠠᠷᠢᠭᠤᠴᠠᠵᠤ᠂ ᠠᠬᠢᠴᠠ ᠶᠢ  ᠱᠠᠭᠠᠷᠳᠠᠨ ᠱᠠᠯᠠᠪᠳᠠᠭᠤᠯᠵᠤ ᠂ ᠲᠣᠣᠷ ᠰᠦᠯᠵᠢᠶ᠎ᠡ ᠨᠢᠭᠡᠪᠦᠷᠢ ᠳᠤ ᠵᠢᠯ ᠪᠦᠷᠢ ᠠᠳᠠᠭ ᠲᠤ ᠪᠠᠨ 2 ᠤᠳᠠᠭ᠎ᠠ ᠠᠴᠠ ᠳᠡᠭᠡᠭᠰᠢ ᠲᠣᠭᠤᠷᠢᠨ ᠪᠠᠶᠢᠴᠠᠭᠠᠯᠲᠠ ᠪᠠ  ᠪᠠᠶᠢᠴᠠᠭᠠᠯᠲᠠ ᠶᠢ ᠦᠨᠠᠨ ᠬᠦ ᠪᠠᠲᠤᠯᠠᠬᠤ ᠬᠡᠷᠡᠭᠲᠡᠢ ᠃      ︵ᠭᠤᠷᠪᠠ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮ ᠃ ᠭᠠᠷ ᠦᠵᠦᠭᠦᠷᠯᠢᠭ ᠢ ᠠᠰᠢᠭᠯᠠᠨ ᠦᠯᠢᠭᠡᠷ ᠰᠤᠭᠤᠴᠢᠵᠤ ᠂ ᠰᠢᠰᠲ᠋ᠧᠮ ᠢ ᠠᠰᠢᠭᠯᠠᠨ ᠲᠤᠭ᠎ᠠ ᠪᠠᠷᠢᠮᠲᠠ ᠶᠢ ᠵᠠᠳᠠᠯᠬᠤ ᠵᠡᠷᠭᠡ ᠠᠵᠢᠯ ᠢ ᠬᠢᠨ᠎ᠡ᠃      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠨᠢ ᠲᠠᠪᠴᠠᠩ ᠳᠡᠭᠡᠷ᠎ᠡ ᠪᠥᠬᠦ ᠣᠷᠣᠨ ᠤ ᠡᠯ᠎ᠡ ᠵᠦᠢᠯ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠡᠭᠦᠷᠭᠡ ᠶᠢ ᠨᠡᠶᠢᠲᠡᠯᠡᠬᠦ ᠶᠢ ᠬᠠᠷᠢᠭᠤᠴᠠᠵᠤ᠂ ᠪᠠᠶᠢᠴᠠᠭᠠᠨ ᠬᠡᠮᠵᠢᠬᠦ ᠪᠣᠯᠵᠣᠯᠲᠤ ᠲᠤᠭ᠎ᠠ ᠶᠢ ᠲᠡᠭᠦᠯᠳᠡᠷᠵᠢᠭᠦᠯᠦᠨ᠎ᠡ︔ ᠡᠯ᠎ᠡ ᠱᠠᠲᠤᠨ ᠤ ᠪᠠᠶᠢᠴᠠᠭᠠᠨ ᠰᠢᠯᠭᠠᠬᠤ ᠡᠭᠦᠷᠭᠡ ᠶᠢ ᠡᠭᠦᠷᠭᠡᠯᠡᠵᠦ ᠪᠦᠬᠦᠢ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠭᠠᠷ ᠦᠵᠦᠭᠦᠷᠯᠢᠭ ᠢ ᠠᠰᠢᠭᠯᠠᠨ ᠥᠯᠢᠭᠡᠷ ᠠᠪᠬᠤ ᠠᠵᠢᠯ ᠢ ᠥᠷᠨᠢᠭᠦᠯᠦᠨ᠎ᠡ︔ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠠᠪᠴᠠᠩ ᠳᠤ ᠭᠠᠷᠴᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ᠂ ᠠᠬᠢᠴᠠ ᠶᠢ ᠱᠠᠯᠠᠪᠳᠠᠭᠤᠯᠬᠤ ᠶᠢ ᠬᠠᠷᠢᠭᠤᠴᠠᠨ᠎ᠠ᠃      ︵ᠳᠥᠷᠪᠡ︶ ᠨᠦᠩ ᠠᠨ ᠥᠪᠥᠷ ᠮᠣᠩᠭᠤᠯ APP ᠶᠢ ᠬᠡᠷᠡᠭᠯᠡᠨ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠣᠯᠭᠤᠨ᠎ᠠ᠃ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠨᠠᠶᠢᠳᠠᠪᠤᠷᠢᠵᠢᠭᠤᠯᠬᠤ ᠶᠢᠨ ᠲᠤᠷᠰᠢᠨ ᠬᠡᠷᠡᠭᠵᠢᠭᠦᠯᠬᠦ ᠭᠤᠣᠯ ᠴᠣᠭᠴᠠ ᠨᠢ ᠨᠦᠩ ᠠᠨ ᠥᠪᠥᠷ ᠮᠣᠩᠭᠤᠯ APP ᠶᠢ ᠪᠠᠭᠤᠯᠭᠠᠨ ᠠᠪᠴᠤ᠂ ᠡᠯᠧᠺᠲᠷᠣᠨ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠨᠢᠭᠡᠳᠦᠯᠲᠡᠢ ᠭᠠᠷᠭᠠᠨ ᠥᠭᠴᠦ᠂ ᠡᠯᠧᠺᠲᠷᠣᠨ ᠬᠢᠷᠢ ᠲᠡᠩᠴᠡᠭᠰᠡᠨ ᠦᠨᠡᠮᠯᠡᠯ + ᠮᠥᠷᠳᠡᠨ  ᠬᠠᠶᠢᠬᠤ ᠬᠠᠮᠢᠶᠠᠷᠤᠯᠲᠠ ᠶᠢ ᠠᠬᠢᠭᠤᠯᠤᠨ᠎ᠠ᠃      ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠷᠢᠭᠤᠴᠠᠵᠤ ᠪᠠᠶᠢᠭᠠᠳ ᠦᠢᠯᠡᠳᠪᠦᠷᠢᠯᠡᠯ ᠤᠨ ᠭᠤᠣᠯ ᠴᠣᠭᠴᠠ ᠶᠢᠨ ᠨᠦᠩ ᠠᠨ ᠥᠪᠥᠷ ᠮᠣᠩᠭᠤᠯ APP ᠶᠢ ᠪᠠᠭᠤᠯᠭᠠᠵᠤ ᠠᠪᠬᠤ ᠶᠢ ᠱᠠᠯᠠᠪᠳᠠᠭᠤᠯᠤᠨ ᠵᠢᠯᠤᠭᠤᠳᠴᠤ᠂ ᠴᠠᠭ ᠲᠤᠬᠠᠢ ᠳᠤ  ᠨᠢ ᠲᠠᠪᠴᠠᠩ ᠳᠤ ᠭᠠᠷᠴᠤ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠣᠯᠭᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠪᠠᠶᠢᠩᠭᠤ ᠶᠢᠨ ᠴᠢᠨᠠᠷᠲᠠᠢ ᠬᠢᠷᠢ ᠲᠡᠩᠴᠡᠭᠰᠡᠨ ᠦᠨᠡᠮᠯᠡᠯ ᠣᠯᠭᠤᠬᠤ ᠶᠢ ᠨᠠᠶᠢᠳᠠᠪᠤᠷᠢᠵᠢᠭᠤᠯᠤᠭᠰᠠᠨ ᠦᠭᠡᠢ ᠭᠤᠣᠯ ᠴᠣᠭᠴᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃      ︵ᠲᠠᠪᠤ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠢᠲᠡᠭᠡᠮᠵᠢ ᠶᠢ ᠦᠨᠡᠯᠡᠬᠦ ᠰᠢᠰᠲ᠋ᠧᠮ᠃ ᠦᠨᠡᠯᠡᠨ ᠬᠤᠪᠢ ᠲᠣᠭᠲᠠᠭᠠᠬᠤ ᠵᠡᠷᠭᠡ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃      ᠲᠤᠷᠰᠢᠯᠲᠠ ᠶᠢᠨ ᠴᠡᠭ ᠤᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠠᠢ ᠢᠳᠡᠪᠬᠢᠲᠡᠢ ᠪᠠᠷ ᠵᠣᠯᠭᠠᠯᠴᠠᠭᠤᠯᠵᠤ ᠲᠤᠰ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃      ᠬᠤᠶᠠᠷ ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠢ ᠲᠤᠷᠰᠢᠨ ᠬᠡᠷᠡᠭᠯᠡᠬᠦ ᠨᠢ ᠲᠠᠪᠴᠠᠩ ᠤᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠢ ᠬᠥᠮᠥᠨ ᠲᠣᠬᠢᠷᠠᠭᠤᠯᠤᠨ᠂ ᠢᠳᠡᠪᠬᠢᠲᠡᠢ ᠪᠠᠷ ᠲᠤᠷᠰᠢᠨ ᠬᠡᠷᠡᠭᠯᠡᠵᠦ᠂ ᠡᠳᠦᠷ ᠪᠦᠷᠢ ᠲᠣᠮᠣ ᠳ᠋ᠠᠶᠢᠲ᠋ᠠ ᠶᠢᠨ ᠲᠠᠪᠴᠠᠩ ᠳᠤ ᠭᠠᠷᠴᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠰᠢᠯᠢᠳᠡᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠳᠤᠷᠠᠳᠬᠤ ᠬᠡᠷᠡᠭᠲᠡᠢ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠨᠢ ᠲᠣᠮᠣ ᠳ᠋ᠠᠶᠢᠲ᠋ᠠ ᠶᠢᠨ ᠲᠠᠪᠴᠠᠩ ᠤᠨ ᠲᠤᠷᠰᠢᠨ ᠬᠡᠷᠡᠭᠯᠡᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠲᠣᠮᠣ ᠳ᠋ᠠᠶᠢᠲ᠋ᠠ ᠶᠢᠨ ᠲᠠᠪᠴᠠᠩ ᠢ ᠠᠰᠢᠭᠯᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠢᠶ᠎ᠠ ᠪᠦᠬᠦᠢ ᠳ᠋ᠠᠶᠢᠲ᠋ᠠ ᠳᠤ ᠵᠠᠳᠠᠯᠤᠯᠲᠠ ᠬᠢᠬᠦ ᠶᠢᠨ ᠬᠠᠮᠲᠤ ᠬᠡᠷᠡᠭᠯᠡᠬᠦ ᠶᠢ ᠵᠢᠯᠤᠭᠤᠳᠬᠤ ᠬᠡᠷᠡᠭᠲᠡᠢ ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠨᠢ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢ ᠬᠠᠷᠢᠭᠤᠴᠠᠵᠤ᠂ ᠡᠯ᠎ᠡ ᠠᠶᠢᠮᠠᠭ ᠬᠤᠲᠠ ᠶᠢᠨ ᠳᠤᠷᠠᠳᠤᠭᠰᠠᠨ ᠰᠢᠯᠢᠳᠡᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠳᠠᠭᠠᠭᠠᠨ ᠪᠠᠶᠢᠭᠤᠯᠬᠤ ᠲᠠᠯ᠎ᠠ ᠳᠤ ᠴᠠᠭ ᠲᠤᠬᠠᠢ ᠳᠤ  ᠨᠢ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠬᠡᠷᠡᠭᠲᠡᠢ ᠃ ᠡᠯ᠎ᠡ ᠱᠠᠲᠤᠨ ᠤ ᠠᠮᠤᠷ ᠲᠦᠪᠰᠢᠨ ᠤ ᠲᠥᠪ ᠤᠨ ᠬᠤᠯᠪᠣᠭᠳᠠᠯ ᠪᠦᠬᠦᠢ ᠬᠥᠮᠥᠰ ᠲᠤ ᠲᠠᠪᠴᠠᠩ ᠤᠨ ᠬᠠᠮᠢᠶᠠᠷᠤᠯᠲᠠ᠂ ᠬᠠᠮᠠᠭᠠᠯᠠᠯᠲᠠ ᠶᠢᠨ ᠪᠣᠯᠪᠠᠰᠤᠷᠠᠭᠤᠯᠤᠯ ᠬᠢᠵᠦ᠂ ᠦᠵᠦᠭᠦᠷᠯᠢᠭ ᠬᠡᠷᠡᠭᠯᠡᠵᠦ ᠪᠠᠶᠢᠭ᠎ᠠ ᠬᠥᠮᠥᠰ ᠲᠤ ᠪᠥᠬᠦ ᠶᠠᠪᠤᠴᠠ ᠶᠢᠨ ᠮᠡᠷᠭᠡᠵᠢᠯ ᠤᠨ ᠵᠢᠯᠣᠭᠤᠳᠤᠯᠭ᠎ᠠ ᠬᠢᠬᠦ ᠬᠡᠷᠡᠭᠲᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠤ ᠬᠠᠶ᠋ᠢᠭ᠄ http://219.159.12.22:63/#/system/list      8 ᠰᠠᠷ᠎ᠠ ᠶᠢᠨ 5 ᠤ ᠡᠳᠦᠷ ᠠᠴᠠ ᠡᠮᠦᠨ᠎ᠡ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠂ ᠠᠮᠤᠷ ᠲᠦᠪᠰᠢᠨ ᠤ ᠲᠥᠪ ᠤᠨ ᠲᠣᠮᠣ ᠳ᠋ᠠᠶᠢᠲ᠋ᠠ ᠶᠢᠨ ᠲᠠᠪᠴᠠᠩ ᠤᠨ ᠲᠤᠷᠰᠢᠨ ᠬᠡᠷᠡᠭᠯᠡᠯᠲᠡ ᠶᠢᠨ ᠬᠠᠷᠢᠯᠴᠠᠬᠤ ᠬᠥᠮᠥᠨ ᠤ ᠮᠡᠳᠡᠭᠡ ᠵᠠᠩᠭᠢ ︵ᠣᠪᠣᠭ ᠨᠡᠷ᠎ᠡ᠂ ᠤᠲᠠᠰᠤ ᠪᠠᠭᠲᠠᠨ᠎ᠠ︶ ᠶᠢ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠤ ᠮᠡᠳᠡᠭᠦᠯᠦᠨ ᠬᠦᠷᠭᠡᠭᠡᠷᠡᠢ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠠᠷᠢᠯᠴᠠᠬᠤ ᠬᠥᠮᠥᠨ᠄ ᠾᠧᠦ ᠱᠤᠸᠠᠢ᠂ 0471 ︱ 6652285︔ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠠᠷᠢᠯᠴᠠᠬᠤ ᠬᠥᠮᠥᠨ᠄ ᠸᠠᠩ ᠭᠤᠸᠠᠨ᠂ 0471 ︱ 2947312᠃                          ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                  2022 ᠣᠨ ᠤ 7 ᠰᠠᠷ᠎ᠠ ᠶᠢᠨ 29 ᠤ ᠡᠳᠦᠷ  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号