ᠪᠦᠬᠦ ᠣᠷᠣᠨ ᠤ ᠵᠢᠭᠠᠰᠤᠨ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠵᠢᠴᠢ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠭᠤᠯᠤᠯ ᠤᠨ ᠠᠩᠭᠢ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2022/8/16
      8 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠬᠥᠬᠡᠬᠤᠲᠠ ᠳᠤ ᠪᠥᠬᠦ ᠣᠷᠣᠨ ᠤ ᠵᠢᠭᠠᠰᠤᠨ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠵᠢᠴᠢ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠭᠤᠯᠤᠯ ᠤᠨ ᠠᠩᠭᠢ ᠡᠷᠭᠢᠯᠡᠵᠦ᠂ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃
图片1.png
       ᠪᠣᠯᠪᠠᠰᠤᠷᠠᠭᠤᠯᠤᠯ ᠤᠨ ᠠᠩᠭᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠨ ᠲᠤᠰᠬᠠᠢ ᠰᠡᠳᠦᠪᠲᠦ ᠹᠢᠯᠢᠮ ︽ ᠠᠮᠢ ᠨᠠᠰᠤ ᠲᠠᠶᠢᠱᠠᠨ ᠠᠭᠤᠯᠠ ᠠᠴᠠ ᠬᠦᠨᠳᠦ ︾ ᠶᠢ ᠵᠣᠬᠢᠶᠠᠨ ᠪᠠᠶᠢᠭᠤᠯᠤᠨ ᠦᠵᠡᠭᠦᠯᠵᠦ᠂ ᠪᠦᠬᠦ ᠰᠤᠷᠤᠭᠴᠢᠳ ᠠᠶᠤᠯ ᠲᠦᠭᠰᠢᠭᠦᠷᠢ ᠳᠤ ᠰᠢᠭᠤᠳ ᠬᠠᠨᠳᠤᠬᠤ ᠂ ᠣᠶᠢᠯᠠᠭᠠᠭᠳᠠᠬᠤᠨ ᠢᠶᠠᠨ ᠪᠠᠲᠤᠳᠬᠠᠬᠤ ᠂ ᠬᠠᠷᠢᠭᠤᠴᠠᠯᠭ᠎ᠠ ᠶᠢ ᠴᠢᠩᠭᠠᠳᠬᠠᠬᠤ ᠂ ᠰᠢᠰᠲ᠋ᠧᠮᠵᠢ ᠶᠢ ᠪᠦᠷᠢᠨᠰᠢᠭᠦᠯᠬᠦ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠵᠡᠷᠭᠡ ᠲᠠᠪᠤᠨ ᠲᠠᠯ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠵᠤ ᠂ ᠠᠶᠤᠯᠭᠦᠢ ᠦᠢᠯᠡᠳᠪᠦᠷᠢᠯᠡᠯ ᠤᠨ ᠵᠢᠭᠠᠰᠤᠨ ᠠᠵᠤ ᠠᠬᠤᠢ ᠶᠢᠨ ᠠᠵᠢᠯ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠨᠡᠩ ᠭᠦᠨᠵᠡᠭᠡᠢ ᠲᠠᠨᠢᠪᠠ ᠃ ᠪᠣᠯᠪᠠᠰᠤᠷᠠᠭᠤᠯᠤᠯ ᠤᠨ ᠠᠩᠭᠢ ᠪᠦᠬᠦ ᠤᠯᠤᠰ ᠤᠨ ᠵᠢᠭᠠᠰᠤᠨ ᠠᠵᠤ ᠠᠬᠤᠢ ᠶᠢᠨ ᠳᠠᠯᠠᠢ ᠶᠢᠨ ᠶᠠᠪᠤᠳᠠᠯ ᠤᠨ ᠪᠠᠶᠢᠴᠠᠭᠠᠯᠲᠠ ᠶᠢᠨ ᠲᠤᠰᠬᠠᠢ ᠮᠡᠷᠭᠡᠵᠢᠯᠲᠡᠨ ᠤ ᠵᠥᠪᠯᠡᠯ ᠤᠨ ᠡᠷᠬᠢᠯᠡᠭᠴᠢ ᠰᠦᠩ ᠶᠣᠣ ᠬᠤᠸᠠ ᠶᠢ ᠤᠷᠢᠵᠤ ᠵᠢᠭᠠᠰᠤᠨ ᠠᠵᠤ ᠠᠬᠤᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠵᠢᠭᠠᠪᠠ ︔ ᠪᠥᠬᠦ ᠤᠯᠤᠰ ᠤᠨ ᠤᠰᠤᠨ ᠭᠠᠷᠤᠯᠲᠠ ᠶᠢᠨ ᠮᠡᠷᠭᠡᠵᠢᠯ ᠳᠡᠯᠭᠡᠷᠡᠭᠦᠯᠬᠦ ᠶᠡᠷᠦᠩᠬᠡᠢ ᠥᠷᠲᠡᠭᠡᠨ ᠤ ᠰᠤᠳᠤᠯᠤᠭᠴᠢ ᠭᠤᠣ ᠬᠤᠩ ᠴᠤᠸᠠᠨ ᠶᠢ ᠤᠷᠢᠵᠤ ᠵᠢᠭᠠᠰᠤᠨ ᠠᠵᠤ ᠠᠬᠤᠢ ᠶᠢᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠳᠦᠷᠢᠮ ᠳᠤ ᠲᠠᠶᠢᠯᠤᠮᠵᠢ ᠬᠢᠯᠭᠡᠵᠦ᠂ ᠡᠯ᠎ᠡ ᠲᠥᠷᠥᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠶᠠᠪᠤᠴᠠ ᠵᠢᠴᠢ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠬᠤ ᠶᠢᠨ ᠬᠠᠮᠲᠤ ᠰᠤᠷᠤᠭᠴᠢᠳ ᠲᠠᠢ ᠰᠠᠨᠠᠯ ᠢᠶᠠᠨ ᠰᠣᠯᠢᠯᠴᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠰᠤᠷᠤᠭᠴᠢᠳ ᠤᠨ ᠵᠢᠭᠠᠰᠤᠨ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠤᠬᠠᠮᠰᠠᠷ ᠪᠠ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠡᠵᠡᠩᠨᠡᠯᠲᠡ ᠶᠢᠨ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠷᠠᠭᠤᠯᠤᠨ᠂ ᠵᠢᠭᠠᠰᠤᠨ ᠠᠵᠤ ᠠᠬᠤᠢ ᠶᠢᠨ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠨ ᠠᠷᠢᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠡᠭᠦᠨ ᠤ ᠵᠡᠷᠭᠡ ᠳᠤ ᠰᠤᠷᠤᠭᠴᠢᠳ ᠤᠨ ᠵᠢᠭᠠᠰᠤᠨ ᠠᠵᠤ ᠠᠬᠤᠢ   ᠶᠢᠨ ᠲᠤᠭ᠎ᠠ ᠪᠦᠷᠢᠳᠬᠡᠯ ᠤᠨ ᠠᠵᠢᠯ ᠤᠨ ᠴᠢᠳᠠᠪᠤᠷᠢ ᠪᠣᠯᠣᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠪᠥᠬᠦ ᠣᠷᠣᠨ ᠤ ᠵᠢᠭᠠᠰᠤᠨ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠪᠠ ᠲᠤᠭ᠎ᠠ ᠪᠦᠷᠢᠳᠬᠡᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠨ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠠᠶᠤᠯᠭᠦᠢ ᠪᠠᠶᠢᠬᠤ ᠶᠢ ᠦᠨᠡᠨ ᠬᠦ ᠪᠠᠲᠤᠯᠠᠨ᠎ᠠ᠃
图片2.png
       ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠬᠡᠰᠡᠭ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷᠤᠭ 50 ᠬᠥᠮᠥᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号