ᠵᠢᠷᠭᠤᠳᠤᠭᠠᠷ ᠬᠤᠭᠤᠴᠠᠭᠠᠨ ᠤ ᠲᠣᠷᠭᠠᠨ ᠵᠠᠮ ᠤᠨ ᠣᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠡᠬᠢᠯᠡᠪᠡ  ᠪᠠᠶᠠᠨᠨᠠᠭᠤᠷ ᠬᠤᠲᠠ ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠰᠢ ᠠᠨ ᠳᠤ ᠦᠩᠭᠡ ᠭᠠᠯᠪᠢᠷ ᠢᠶᠠᠨ ᠭᠠᠶᠢᠬᠠᠭᠤᠯᠪᠠ
ᠨᠡᠶᠢᠲᠡᠯᠡᠭᠰᠡᠨ ᠴᠠᠭ᠄
2022/8/16
      8 ᠰᠠᠷ᠎ᠠ ᠶᠢᠨ 14 ᠤ ᠡᠳᠦᠷ᠂ ᠵᠢᠷᠭᠤᠳᠤᠭᠠᠷ ᠬᠤᠭᠤᠴᠠᠭᠠᠨ ᠤ ᠲᠣᠷᠭᠠᠨ ᠵᠠᠮ ᠤᠨ ᠣᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠵᠢᠴᠢ ᠳᠤᠮᠳᠠᠳᠤ ᠤᠯᠤᠰ ᠤᠨ ᠵᠡᠭᠦᠨ ᠪᠠᠷᠠᠭᠤᠨ ᠣᠷᠣᠨ ᠤ ᠬᠠᠮᠲᠤᠷᠠᠯᠴᠠᠭ᠎ᠠ ᠪᠠ ᠪᠡᠯᠡ ᠣᠷᠣᠭᠤᠯᠤᠯᠲᠠ ᠶᠢᠨ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠰᠢ ᠠᠨ ᠳᠤ ᠡᠬᠢᠯᠡᠪᠡ᠃ ᠲᠤᠰ ᠬᠤᠭᠤᠴᠠᠭᠠᠨ ᠤ ᠲᠣᠷᠭᠠᠨ ᠵᠠᠮ ᠤᠨ ᠣᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠨᠢ ︽ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ ᠬᠠᠷᠢᠯᠴᠠᠨ ᠠᠭᠤᠰᠤᠯᠴᠠᠬᠤ · ᠬᠠᠮᠲᠤᠪᠠᠷ ᠤᠷᠤᠭᠰᠢᠯᠠᠵᠤ ᠬᠠᠮᠲᠤᠪᠠᠷ ᠡᠳ᠋ᠯᠡᠵᠦ ᠬᠠᠮᠲᠤᠪᠠᠷ ᠠᠰᠢᠭ ᠬᠦᠷᠳᠡᠬᠦ ︾  ᠪᠠᠷ ᠭᠤᠣᠯ ᠰᠡᠳᠦᠪ ᠪᠣᠯᠭᠠᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠂ ᠵᠢᠶᠠᠩᠰᠤ ᠮᠤᠵᠢ ᠪᠠᠷ ᠭᠤᠣᠯ ᠵᠣᠴᠢᠨ ᠮᠤᠵᠢ ᠪᠣᠯᠭᠠᠵᠤ ᠂ ᠬᠤᠷᠠᠯ  ᠨᠢ ᠲᠠᠪᠤᠨ ᠡᠳᠦᠷ ᠶᠠᠪᠤᠬᠳᠠᠨ᠎ᠠ ᠃ ᠰᠢ ᠠᠨ ᠤ ᠤᠯᠠᠨ ᠤᠯᠤᠰ ᠤᠨ ᠬᠤᠷᠠᠯ ᠤᠨ ᠦᠵᠡᠰᠬᠦᠯᠡᠩ ᠤᠨ ᠲᠥᠪ ᠲᠤ ᠤᠯᠠᠨ ᠤᠯᠤᠰ ᠤᠨ ᠣᠷᠳᠣᠨ ᠂ ᠳᠤᠮᠳᠠᠳᠤ ᠤᠯᠤᠰ ᠤᠨ ᠣᠷᠳᠣᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠳᠣᠨ ᠵᠡᠷᠭᠡ 6 ᠲᠣᠮᠣ ᠦᠵᠡᠰᠬᠦᠯᠡᠩ ᠤᠨ ᠣᠷᠳᠣᠨ ᠢ ᠪᠠᠶᠢᠭᠤᠯᠵᠤ ᠂ ︽ ᠨᠢᠭᠡ ᠪᠦᠰᠡ ᠨᠢᠭᠡ ᠵᠠᠮ ︾ ᠳᠠᠭᠠᠤ ᠶᠢᠨ ᠤᠯᠤᠰ ᠪᠣᠯᠣᠨ ᠭᠠᠵᠠᠷ ᠣᠷᠣᠨ ᠂ ᠡᠯ᠎ᠡ ᠮᠤᠵᠢ ︵ ᠣᠷᠣᠨ ᠂ ᠬᠤᠳᠠ ︶ ᠂ ᠡᠯ᠎ᠡ ᠮᠤᠵᠢ ᠬᠤᠳᠠ ︵ ᠣᠷᠣᠨ ︶  ᠶᠢᠨ ᠠᠵᠤ ᠠᠬᠤᠶᠢᠯᠠᠯ ᠤᠨ ᠪᠦᠬᠦᠶᠢᠯᠡ ᠴᠣᠭᠴᠠ ᠶᠢᠨ ᠳᠦᠷᠢ ᠲᠥᠷᠬᠦ ᠂ ᠡᠬᠢ ᠪᠠᠶᠠᠯᠢᠭ ᠤᠨ ᠳᠠᠪᠠᠭᠤᠯᠢᠭ ᠂ ᠣᠨᠴᠠᠯᠢᠭᠲᠤ ᠠᠵᠤ ᠦᠢᠯᠡᠰ ᠂ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ ᠂ ᠪᠡᠯᠡ ᠣᠷᠣᠭᠤᠯᠤᠯᠲᠠ ᠶᠢᠨ ᠵᠥᠪᠳᠡᠯᠴᠡᠭᠡ ᠂ ᠶᠡᠭᠡ ᠬᠡᠮᠵᠢᠶᠡᠨ ᠤ ᠠᠷᠠᠯᠵᠢᠶ᠎ᠠ ᠪᠣᠯᠣᠨ ᠲᠦᠷᠦᠯ ᠵᠦᠢᠯ ᠤᠨ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠵᠡᠢ ᠃
图片1.png
       ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠨᠢ ᠬᠦᠬᠡ᠂ ᠨᠣᠭᠤᠭᠠᠨ ᠥᠩᠭᠡ ᠪᠠᠷ ᠳᠡᠪᠢᠰᠬᠡᠷ ᠥᠩᠭᠡ ᠪᠠᠨ ᠪᠣᠯᠭᠠᠵᠤ ᠂ ᠳᠡᠯᠭᠡᠨ ᠦᠵᠡᠭᠦᠯᠬᠦ ᠪᠠᠶᠢᠷᠢ ᠨᠢ ᠨᠡᠪᠲᠡᠷᠬᠡᠢ ᠪᠥᠭᠡᠳ ᠨᠡᠭᠡᠭᠡᠯᠲᠡᠲᠡᠢ ᠪᠠᠶᠢᠵᠤ ᠂ ᠪᠦᠲᠦᠴᠡ ᠶᠢᠨ ᠳᠦᠷᠰᠦ ᠪᠦᠲᠦᠭᠡᠯᠲᠡ ᠨᠢ ᠨᠢᠭᠡ ᠳ᠋ᠧᠩ ᠤᠨ ᠪᠦᠴᠡ ᠪᠠᠷ ᠬᠤᠯᠪᠣᠯᠳᠤᠵᠤ ᠂ ᠬᠡᠯᠪᠡᠷᠢ ᠳᠦᠷᠰᠦ ᠨᠢ ᠲᠣᠷᠭᠠᠨ ᠵᠠᠮ ᠰᠢᠭ᠋ ᠂ ᠣᠷᠣᠨ ᠵᠠᠢ ᠨᠢ ᠬᠤᠶᠠᠷ ᠭᠠᠷ ᠢᠶᠠᠨ ᠳᠡᠯᠭᠡᠭᠰᠡᠨ ᠮᠡᠲᠦ ᠪᠠᠶᠢᠵᠤ ᠂ ᠡᠯ᠎ᠡ ᠲᠠᠯ᠎ᠠ ᠶᠢᠨ ᠵᠣᠴᠢᠳ ᠢ ᠤᠭᠲᠤᠨ᠎ᠠ᠃      ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠨᠢ ᠲᠡᠭᠷᠢ ᠶᠢᠨ ᠬᠡᠰᠢᠭᠲᠦ ᠪᠣᠷᠣᠳᠣᠬᠤᠢ ᠶᠢᠨ ᠡᠷᠬᠡ ᠣᠯᠭᠤᠭᠰᠠᠨ 10 ᠠᠵᠤ ᠠᠬᠤᠶᠢᠯᠠᠯ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠣᠰ ᠬᠤᠭᠤᠴᠠᠭᠠᠨ ᠤ ᠦᠵᠡᠭᠦᠯᠭᠡ ᠳᠤ ᠣᠷᠣᠯᠴᠠᠭᠤᠯᠪᠠ᠂ ᠡᠭᠦᠨ ᠳᠤ ᠮᠢᠬᠠᠨ ᠤ ᠵᠦᠢᠯ᠂ ᠠᠮᠤ ᠪᠤᠳᠠᠭ᠎ᠠ ᠲᠣᠰᠣ᠂ ᠬᠠᠭᠤᠷᠤᠭᠰᠠᠨ ᠪᠠᠷᠠᠭ᠎ᠠ᠂ ᠬᠢᠲᠠᠳ ᠡᠪᠡᠰᠦᠨ ᠡᠮ ᠵᠡᠷᠭᠡ ᠳᠥᠷᠪᠡᠨ ᠶᠡᠭᠡ ᠲᠥᠷᠥᠯ ᠤᠨ 48 ᠵᠦᠢᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠠᠭᠲᠠᠭᠠᠨ᠎ᠠ᠃ ᠲᠤᠰ ᠤᠳᠠᠭᠠᠨ ᠤ ᠲᠣᠷᠭᠠᠨ ᠵᠠᠮ ᠤᠨ ᠣᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠨᠢ ᠳᠡᠯᠭᠡᠨ ᠦᠵᠡᠭᠦᠯᠬᠦ ᠂ ᠦᠵᠡᠭᠦᠯᠬᠦ ᠂ ᠠᠵᠤ ᠠᠬᠤᠢ ᠠᠷᠠᠯᠵᠢᠶ᠎ᠠ ᠂ ᠵᠥᠪᠳᠡᠨ ᠶᠠᠷᠢᠯᠴᠠᠬᠤ ᠪᠠᠷ ᠭᠤᠣᠯ ᠪᠣᠯᠭᠠᠵᠤ ᠂ ᠪᠠᠶᠠᠨᠨᠠᠭᠤᠷ ᠬᠤᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠵᠢᠴᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠳᠡᠯᠭᠡᠨ ᠦᠵᠡᠭᠦᠯᠵᠦ ᠂  ᠪᠠᠶᠠᠨᠨᠠᠭᠤᠷ ᠬᠤᠳᠠ ᠶᠢᠨ ᠦᠵᠡᠭᠦᠯᠭᠡ ᠳᠤ ᠣᠷᠣᠯᠴᠠᠭᠰᠠᠨ ᠰᠢᠯᠢᠳᠡᠭ ᠶᠠᠰᠤ ᠴᠢᠨᠠᠷ  ᠪᠦᠬᠦᠢ ᠪᠦᠲᠦᠭᠡᠭᠳᠡᠬᠦᠨ   ᠨᠢ ᠦᠵᠡᠭᠦᠯᠭᠡ ᠳᠤ ᠣᠷᠣᠯᠴᠠᠭᠰᠠᠳ ᠤᠨ ᠠᠩᠬᠠᠷᠤᠯ ᠪᠠ ᠰᠠᠶᠢᠨ ᠦᠨᠡᠯᠡᠯᠲᠡ ᠶᠢ ᠣᠯᠵᠠᠢ ᠃      8 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠬᠤᠷᠠᠯ ᠥᠪᠥᠷ ᠮᠣᠩᠭᠤᠯ ᠤᠨ ᠦᠵᠡᠭᠦᠯᠭᠡ ᠶᠢᠨ ᠲᠢᠩᠬᠢᠮ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠵᠢᠴᠢ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠬᠠᠷᠢᠭᠤᠴᠠᠯᠭᠠᠲᠠᠳ ᠲᠠᠨᠢᠯᠴᠠᠭᠤᠯᠬᠤ ᠬᠤᠷᠠᠯ ᠳᠤ ᠣᠷᠣᠯᠴᠠᠪᠠ᠃
图片2.png
       ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠂ ᠥᠪᠥᠷ ᠮᠣᠩᠭᠤᠯ ᠤᠨ ᠪᠠᠶᠠᠨ ᠯᠢᠤᠢ ᠶᠧ ᠠᠵᠤ ᠠᠬᠤᠶᠢᠯᠠᠯ ︵ ᠪᠦᠯᠦᠭᠯᠡᠯ ︶ ᠤᠨ ᠬᠢᠵᠠᠭᠠᠷᠲᠤ ᠺᠣᠮᠫᠠᠨᠢ ᠰᠤᠷᠪᠤᠯᠵᠢᠯᠠᠨ ᠶᠠᠷᠢᠯᠴᠠᠬᠤ ᠪᠠ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠪᠠ ᠃ ᠠᠵᠢᠯᠯᠠᠭ᠎ᠠ ᠪᠠᠷ ᠳᠠᠮᠵᠢᠭᠤᠯᠤᠨ ᠬᠤᠷᠠᠯ ᠳᠤ ᠣᠷᠣᠯᠴᠠᠭᠰᠠᠨ ᠵᠣᠴᠢᠳ ᠲᠤ ᠦᠵᠡᠰᠬᠦᠯᠡᠩᠲᠦ ᠰᠠᠶᠢᠬᠠᠨ ᠪᠠᠶᠠᠨᠨᠠᠭᠤᠷ ᠪᠣᠯᠣᠨ ᠰᠢᠯᠢᠳᠡᠭ ᠥᠪᠡᠷᠮᠢᠴᠡ ᠣᠨᠴᠠᠯᠢᠭ ᠲᠠᠢ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠭᠦᠢᠴᠡᠳ ᠣᠶᠢᠯᠠᠭᠠᠭᠤᠯᠬᠤ ᠶᠢᠨ ᠬᠠᠮᠲᠤ ᠪᠠᠶᠠᠨᠨᠠᠭᠤᠷ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠬᠥᠭᠵᠢᠯᠲᠡ ᠶᠢᠨ ᠠᠵᠤ ᠦᠢᠯᠡᠰ ᠵᠢᠴᠢ ᠲᠡᠭᠷᠢ ᠶᠢᠨ ᠬᠡᠰᠢᠭᠲᠦ ᠪᠣᠷᠣᠳᠣᠬᠤᠢ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠨᠢ ᠲᠦᠷᠦᠯ ᠲᠡᠮᠳᠡᠭ ᠢ ᠬᠡᠷᠬᠢᠨ ᠠᠰᠢᠭᠯᠠᠬᠤ ᠪᠠᠶᠢᠯᠳᠤᠬᠤ ᠪᠣᠳᠣᠯᠭ᠎ᠠ ᠪᠠᠷ ᠪᠠᠶᠠᠨᠨᠠᠭᠤᠷ ᠬᠤᠳᠠ ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠡᠬᠡᠢ ᠳ᠋ᠠᠬᠢᠨ ᠳᠤ ᠳᠡᠯᠭᠡᠷᠡᠭᠦᠯᠬᠦ ᠶᠢ ᠲᠠᠨᠢᠯᠴᠠᠭᠤᠯᠵᠠᠢ ᠃      ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠳᠠᠷᠤᠭ᠎ᠠ ᠣᠣ ᠯᠢᠨ ᠬᠤ᠋ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠳᠠᠭᠠᠭᠤᠯᠤᠨ ᠲᠣᠰ ᠬᠤᠭᠤᠴᠠᠭᠠᠨ ᠤ ᠲᠣᠷᠭᠠᠨ ᠵᠠᠮ ᠤᠨ ᠣᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号