ᠲᠠᠷᠢᠶᠠᠯᠠᠩ ᠤᠨ ᠪᠦᠲᠦᠭᠡᠭᠳᠡᠬᠦᠨ ᠳᠤ ᠬᠢᠨᠠᠯᠲᠠ ᠲᠠᠯᠪᠢᠬᠤ ᠦᠯᠢᠭᠡᠷ ᠡᠳ᠋ ᠠᠪᠬᠤ ᠶᠢ ᠦᠷᠨᠢᠭᠦᠯᠵᠦ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠦᠴᠦᠨ ᠨᠡᠮᠡᠷᠢᠯᠡᠮᠦᠢ
ᠨᠡᠶᠢᠲᠡᠯᠡᠭᠰᠡᠨ ᠴᠠᠭ᠄
2022/8/2
      ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠳᠡ ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠠ ᠬᠡᠷᠡᠭᠯᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠦᠨᠳᠦ ᠶᠡᠭᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠭᠠᠷᠬᠤ ᠦᠭᠡᠢ ᠪᠠᠶᠢᠬᠤ  ᠶᠢ ᠦᠨᠡᠨ ᠬᠦ ᠪᠠᠲᠤᠯᠠᠬᠤ ᠶᠢᠨ ᠲᠦᠯᠦᠭᠡ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠶᠠᠰᠤ ᠴᠢᠨᠠᠷ ᠲᠠᠷᠬᠠᠭᠠᠭᠰᠠᠨ ﹇2022﹈ 9 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 7 ᠰᠠᠷ᠎ᠠ ᠶᠢᠨ 31 ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠣᠯᠣᠨ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ᠂ ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ᠂ ᠬᠠᠶᠢᠯᠠᠷ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠠᠵᠢᠯᠲᠠᠨ ᠬᠠᠶᠢᠯᠠᠷ ᠲᠣᠭᠤᠷᠢᠭ ᠤᠨ ᠰᠢᠶᠣᠣ ᠯᠢᠶᠠᠩ ᠲᠠᠷᠢᠶᠠᠯᠠᠩ ᠤᠨ ᠲᠠᠯᠠᠪᠠᠶ ᠵᠡᠷᠭᠡ ᠲᠠᠷᠢᠮᠠᠯ ᠤᠨ ᠠᠵᠤ ᠠᠬᠤᠶᠢᠯᠠᠯ ᠵᠢᠴᠢ ᠲᠠᠷᠢᠮᠠᠯ ᠤᠨ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠥᠯᠢᠭᠡᠷ ᠡᠳ᠋ ᠠᠪᠬᠤ ᠠᠵᠢᠯ ᠥᠷᠨᠢᠭᠦᠯᠪᠡ᠃      ᠲᠣᠰ ᠤᠳᠠᠭᠠᠨ ᠤ ᠥᠯᠢᠭᠡᠷ ᠡᠳ᠋ ᠠᠪᠬᠤ ᠠᠵᠢᠯ ᠨᠢ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯᠯᠠᠭᠤᠯᠵᠤ᠂ ᠬᠢᠨᠠᠯᠲᠠ ᠲᠠᠯᠪᠢᠵᠤ ᠪᠠᠶᠢᠭᠠᠳ ᠨᠡᠶᠢᠲᠡ 44 ᠪᠦᠯᠦᠭ ᠤᠳᠠᠭ᠎ᠠ ᠥᠯᠢᠭᠡᠷ ᠡᠳ᠋ ᠠᠪᠬᠤ ᠶᠢ ᠪᠡᠶᠡᠯᠡᠭᠦᠯᠪᠡ ᠂ ᠡᠭᠦᠨ ᠳᠤ ᠦᠵᠦᠮ᠂ ᠲᠥᠪᠡᠳ ᠬᠠᠰᠢ᠂ ᠵᠢᠵᠢᠭ ᠲᠥᠪᠡᠳ ᠬᠠᠰᠢ᠂ ᠲᠠᠷᠪᠤᠰ᠂ ᠠᠮᠲᠠᠲᠤ ᠬᠡᠮᠬᠡ᠂ ᠥᠷᠭᠡᠰᠦᠲᠦ ᠬᠡᠮᠬᠡ᠂ ᠰᠢᠷ᠎ᠠ ᠨᠣᠭᠤᠭ᠎ᠠ᠂ ᠵᠢᠵᠢᠭ ᠴᠠᠭᠠᠨ ᠨᠣᠭᠤᠭ᠎ᠠ᠂ ᠲᠣᠩᠰᠢ ᠂ ᠪᠣᠷᠣ ᠰᠢᠪᠠᠭ᠂ ᠪᠥᠭᠡᠷᠡᠩᠬᠡᠢ ᠴᠠᠭᠠᠨ ᠨᠣᠭᠤᠭ᠎ᠠ᠂ ᠴᠡᠴᠡᠭᠲᠦ ᠨᠠᠷᠭᠢᠯ ᠤᠨ ᠨᠣᠭᠤᠭ᠎ᠠ᠂ ᠨᠣᠭᠤᠭᠠᠨ ᠴᠠᠬᠢᠷᠮ᠎ᠠ᠂ ᠴᠢᠨᠼᠠᠶ ᠨᠣᠭᠤᠭ᠎ᠠ᠂ ᠨᠣᠭᠤᠭᠠᠨ ᠯᠤᠤᠪᠠᠩ᠂ ᠨᠣᠭᠤᠭᠠᠨ ᠪᠤᠷᠴᠠᠭ ᠵᠡᠷᠭᠡ 16 ᠲᠥᠷᠥᠯ ᠵᠦᠢᠯ ᠪᠠᠭᠲᠠᠨ᠎ᠠ᠃      ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠤᠭᠤᠴᠢᠨ ᠪᠠᠶᠢᠴᠠᠭᠠᠬᠤ ᠠᠵᠢᠯ ᠪᠣᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠦᠯᠢᠭᠡᠷ ᠡᠳ᠋ ᠠᠪᠴᠤ ᠪᠠᠶᠢᠴᠠᠭᠠᠨ ᠰᠢᠯᠭᠠᠬᠤ ᠠᠵᠢᠯ ᠢᠶᠠᠷ ᠳᠠᠮᠵᠢᠭᠤᠯᠤᠨ ᠂ ᠪᠣᠭᠤᠲᠤ ᠬᠤᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠤᠯᠠᠮ ᠨᠢᠭᠡ ᠠᠯᠬᠤᠮ ᠡᠵᠡᠮᠰᠢᠬᠦ ᠨᠢ ᠪᠣᠭᠤᠲᠤ ᠬᠤᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠡᠬᠢ ᠰᠤᠷᠪᠤᠯᠵᠢ ᠠᠴᠠ ᠨᠢ ᠳᠡᠭᠡᠭᠰᠢᠯᠡᠭᠦᠯᠵᠦ ᠂ ᠥᠷᠭᠡᠨ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ ︾ ᠢ ᠪᠠᠲᠤᠯᠠᠪᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠨ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠭᠤᠲᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠣᠭᠤᠲᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠲᠠ ᠶᠢᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号