ᠲᠠᠩᠰᠠ ᠡᠪᠬᠡᠮᠡᠯ ᠳᠤ ᠤᠷᠤᠭᠤᠯᠤᠭᠰᠠᠨ ᠬᠡᠰᠡᠭ ᠪᠦᠯᠦᠭ ᠮᠠᠰᠢᠨ ᠪᠠᠭᠠᠵᠢ ᠶᠢᠨ ᠲᠤᠬᠠᠢ ᠶᠢᠨ ᠲᠠᠯᠠᠪᠤᠷ ᠤᠨ ᠰᠣᠷᠢᠯᠲᠠ ᠬᠢᠵᠦ ᠦᠨᠡᠯᠡᠬᠦ ᠠᠵᠢᠯ ᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ
ᠨᠡᠶᠢᠲᠡᠯᠡᠭᠰᠡᠨ ᠴᠠᠭ᠄
2022/8/23
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠬᠠᠮᠢᠶ᠎ᠠ ᠪᠦᠬᠦᠢ ᠦᠢᠯᠡᠳᠪᠦᠷᠢᠯᠡᠬᠦ ᠠᠵᠤ ᠠᠬᠤᠶᠢᠯᠠᠯ ᠳᠤ᠄      ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠬᠡᠷᠡᠭᠵᠢᠭᠦᠯᠵᠦ᠂ ᠳᠠᠩᠰᠠ ᠡᠪᠬᠡᠮᠡᠯ ᠳᠤ ᠤᠷᠤᠭᠤᠯᠤᠭᠰᠠᠨ ᠬᠡᠰᠡᠭ ᠪᠦᠯᠦᠭ ᠮᠠᠰᠢᠨ ᠪᠠᠭᠠᠵᠢ ᠶᠢᠨ ᠦᠨᠳᠦᠰᠦᠨ ᠲᠣᠭᠲᠠᠴᠠ ᠪᠠ ᠴᠢᠳᠠᠮᠵᠢ ᠶᠢ ᠣᠨᠣᠪᠴᠢᠲᠠᠶ ᠡᠵᠡᠮᠰᠢᠬᠦ ᠶᠢᠨ ᠲᠤᠰᠠᠳᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠰᠤᠳᠤᠯᠬᠤ ᠪᠠᠷ ᠳᠡᠮᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠳᠤ ᠤᠷᠤᠭᠤᠯᠤᠭᠰᠠᠨ ᠬᠡᠰᠡᠭ ᠪᠦᠯᠦᠭ ᠨᠥᠬᠦᠪᠦᠷᠢ ᠥᠭᠬᠦ ᠮᠠᠰᠢᠨ ᠪᠠᠭᠠᠵᠢ ᠶᠢ ᠲᠤᠬᠠᠢ ᠶᠢᠨ  ᠲᠠᠯᠠᠪᠤᠷ ᠲᠤ  ᠨᠢ ᠰᠤᠷᠢᠯᠲᠠ ᠬᠢᠵᠦ ᠦᠨᠡᠯᠡᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃      ᠨᠢᠭᠡ᠂ ᠲᠤᠬᠠᠢ ᠶᠢᠨ  ᠲᠠᠯᠠᠪᠤᠷ ᠲᠤ ᠨᠢ ᠰᠣᠷᠢᠯᠲᠠ ᠬᠢᠵᠦ ᠦᠨᠡᠯᠡᠬᠦ ᠴᠢᠬᠤᠯᠠᠲᠠᠢ ᠮᠠᠰᠢᠨ ᠪᠠᠭᠠᠵᠢ      ᠮᠠᠨ ᠤ ᠣᠷᠣᠨ ᠤ ᠵᠣᠬᠢᠶᠠᠨ ᠪᠠᠶᠢᠭᠤᠯᠤᠭᠰᠠᠨ ᠣᠨ ᠤ ᠡᠯ᠎ᠡ ᠪᠦᠯᠦᠭ ᠤᠳᠠᠭ᠎ᠠ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠳᠤ ᠨᠥᠬᠦᠪᠦᠷᠢ ᠦᠭᠬᠦ ᠲᠠᠩᠰᠠ ᠡᠪᠬᠡᠮᠡᠯ ᠳᠤ ᠤᠷᠤᠭᠤᠯᠤᠭᠰᠠᠨ ᠮᠠᠰᠢᠨ ᠪᠠᠭᠠᠵᠢ ᠶᠢᠨ ᠢᠯᠡ ᠵᠠᠷᠯᠠᠯ ︵ᠠᠯᠪᠠᠨ ᠵᠠᠷ︶ ᠳᠤ᠂ ᠦᠷ᠎ᠡ ᠳ᠋ᠦᠩ ᠨᠢ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠮᠥᠷᠲᠡᠭᠡᠨ ᠲᠤᠬᠠᠢ ᠶᠢᠨ  ᠲᠠᠯᠠᠪᠤᠷ ︵ᠲᠤᠬᠠᠢ ᠶᠢᠨ ᠭᠠᠵᠠᠷ︶ ᠲᠤ ᠨᠢ ᠰᠤᠷᠢᠯᠲᠠ ᠬᠢᠵᠦ ᠦᠨᠡᠯᠡᠬᠦ ᠴᠢᠬᠤᠯᠠᠲᠠᠢ ᠮᠠᠰᠢᠨ ᠪᠠᠭᠠᠵᠢ᠃      ᠡᠭᠦᠨ ᠳᠤ᠂ 9 ᠰᠠᠷ᠎ᠠ ᠶᠢᠨ 15 ᠤ ᠡᠳᠦᠷ ᠠᠴᠠ ᠰᠡᠭᠦᠯᠡᠷ ᠨᠡᠶᠢᠲᠡᠯᠡᠭᠰᠡᠨ ᠮᠠᠰᠢᠨ ᠪᠠᠭᠠᠵᠢ ᠶᠢ ᠳᠠᠷᠠᠭ᠎ᠠ ᠵᠢᠯ ᠳᠤ ᠲᠣᠬᠢᠷᠠᠭᠤᠯᠤᠨ ᠶᠠᠪᠤᠭᠳᠠᠭᠤᠯᠵᠤ ᠪᠣᠯᠣᠨ᠎ᠠ᠃      ᠬᠤᠶᠠᠷ᠂ ᠲᠤᠬᠠᠢ ᠶᠢᠨ ᠲᠠᠯᠠᠪᠤᠷ ᠲᠤ ᠨᠢ ᠰᠣᠷᠢᠯᠲᠠ ᠬᠢᠵᠦ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠯᠪᠡᠷᠢ      ᠲᠤᠬᠠᠢ ᠶᠢᠨ  ᠲᠠᠯᠠᠪᠤᠷ ᠤᠨ ᠰᠣᠷᠢᠯᠲᠠ ᠬᠢᠵᠦ ᠦᠨᠡᠯᠡᠬᠦ ᠠᠵᠢᠯ ᠢ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠬᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠦᠨᠡᠯᠡᠬᠦ ᠬᠡᠯᠪᠡᠷᠢ ᠪᠠᠷ ᠶᠠᠪᠤᠭᠳᠠᠭᠤᠯᠤᠨ᠎ᠠ      ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠣᠨ᠎ᠠ ᠃ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠦᠪᠡᠰᠦᠪᠡᠨ ᠵᠣᠬᠢᠶᠠᠨ ᠪᠠᠶᠢᠭᠤᠯᠤᠨ ᠥᠷᠨᠢᠭᠦᠯᠬᠦ ᠪᠤᠶᠤ ᠥᠪᠡᠷᠲᠡᠭᠡᠨ ᠵᠠᠰᠠᠬᠤ ᠣᠷᠣᠨ ᠤ  ᠬᠡᠪᠴᠢᠶᠡᠨ ᠳᠠᠬᠢ ᠬᠠᠮᠢᠶ᠎ᠠ ᠪᠦᠬᠦᠢ ᠮᠠᠰᠢᠨ ᠪᠠᠭᠠᠵᠢ ᠶᠢ ᠬᠢᠨᠠᠨ ᠲᠣᠭᠲᠠᠭᠠᠬᠤ ᠪᠤᠶᠤ ᠰᠢᠯᠭᠠᠨ ᠪᠠᠶᠢᠴᠠᠭᠠᠬᠤ ᠬᠢᠷᠢ ᠬᠡᠮ ᠲᠠᠢ ᠰᠠᠯᠠᠭ᠎ᠠ ᠮᠥᠴᠢᠷ ︵ᠳᠣᠷᠣᠭᠰᠢ ︽ᠭᠤᠷᠪᠠᠳᠤᠭᠠᠷ ᠡᠲᠡᠭᠡᠳ︾ ᠭᠡᠵᠦ ᠨᠡᠷᠡᠶᠢᠳᠦᠨ᠎ᠡ︶ ᠲᠤ ᠨᠠᠶᠢᠳᠠᠵᠤ ᠥᠷᠨᠢᠭᠦᠯᠵᠦ ᠪᠣᠯᠣᠨ᠎ᠠ᠂ ᠬᠠᠮᠢᠶ᠎ᠠ ᠪᠦᠬᠦᠢ ᠮᠠᠰᠢᠨ ᠪᠠᠭᠠᠵᠢ ᠶᠢ ᠬᠢᠨᠠᠨ ᠲᠣᠭᠲᠠᠭᠠᠬᠤ ᠪᠤᠶᠤ ᠰᠢᠯᠭᠠᠨ ᠪᠠᠶᠢᠴᠠᠭᠠᠬᠤ ᠬᠢᠷᠢ ᠬᠡᠮ ᠲᠠᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠳᠤ ᠬᠠᠮᠢᠶ᠎ᠠ ᠪᠦᠬᠦᠢ ᠬᠢᠷᠢ ᠬᠡᠮ ᠢᠶᠠᠨ ᠭᠡᠷᠡᠴᠢᠯᠡᠬᠦ ᠮᠠᠲ᠋ᠧᠷᠢᠶᠠᠯ ᠬᠠᠩᠭᠠᠬᠤ ᠬᠡᠷᠡᠭᠲᠡᠢ᠃      ᠲᠤᠰᠬᠠᠢ ᠮᠡᠷᠭᠡᠵᠢᠯᠲᠡᠨ ᠤ ᠳᠤᠭᠤᠶᠢᠯᠠᠩ ᠲᠤᠬᠠᠢ ᠶᠢᠨ  ᠲᠠᠯᠠᠪᠤᠷ ᠲᠤ ᠨᠢ ᠰᠣᠷᠢᠯᠲᠠ ᠬᠢᠵᠦ ᠦᠨᠡᠯᠡᠬᠦ ᠮᠠᠰᠢᠨ ᠪᠠᠭᠠᠵᠢ ᠳᠤ ᠦᠨᠡᠯᠡᠯᠲᠡ ᠬᠢᠬᠦ ᠶᠢᠨ ᠬᠠᠮᠲᠤ ᠮᠡᠳᠡᠭᠦᠯᠦᠯᠲᠡ ᠬᠢᠨ᠎ᠡ ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠲᠠᠷᠢᠶᠠᠯᠠᠩ ᠤᠨ ᠮᠧᠬᠠᠨᠢᠭᠵᠢᠭᠤᠯᠤᠯᠲᠠ ᠶᠢ ᠳᠡᠯᠭᠡᠷᠡᠭᠦᠯᠬᠦ ᠪᠠᠶᠢᠭᠤᠯᠤᠮᠵᠢ ᠂ ᠬᠢᠨᠠᠨ ᠲᠣᠭᠲᠠᠭᠠᠬᠤ ᠪᠠᠶᠢᠭᠤᠯᠤᠮᠵᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠦ ᠂ ᠬᠥᠮᠥᠨ ᠤ ᠲᠤᠭ᠎ᠠ ᠨᠢ ᠶᠡᠷᠦ ᠳᠤ ᠪᠠᠨ ᠰᠣᠨᠳᠣᠭᠤᠢ ᠲᠤᠭ᠎ᠠ ᠪᠣᠯᠬᠤ ᠮᠥᠷᠲᠡᠭᠡᠨ 5 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ ︔ ᠲᠤᠰᠬᠠᠢ ᠮᠡᠷᠭᠡᠵᠢᠯᠲᠡᠨ ᠨᠢ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠤᠨ ᠥᠩᠭᠡᠷᠡᠯᠲᠡ ᠲᠠᠢ᠂ ᠳᠡᠳ᠋ ᠳᠡᠭᠡᠳᠦ ᠵᠡᠷᠭᠡ ︵ᠪᠠᠭᠲᠠᠨ᠎ᠠ︶ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ ︵ᠬᠠᠮᠢᠶ᠎ᠠ ᠪᠦᠬᠦᠢ ᠮᠠᠰᠢᠨ ᠪᠠᠭᠠᠵᠢ ᠶᠢ ᠬᠢᠨᠠᠨ ᠲᠣᠭᠲᠠᠭᠠᠬᠤ ᠪᠤᠶᠤ ᠰᠢᠯᠭᠠᠨ ᠪᠠᠶᠢᠴᠠᠭᠠᠬᠤ ᠬᠢᠷᠢ ᠬᠡᠮ ᠲᠠᠢ ᠠᠵᠢᠯᠲᠠᠨ ᠳᠤ ᠮᠡᠷᠭᠡᠵᠢᠯ ᠤᠨ ᠴᠣᠯᠠ ᠶᠢᠨ ᠬᠢᠵᠠᠭᠠᠷᠯᠠᠯ ᠦᠭᠡᠢ︶ ᠪᠠᠶᠢᠬᠤ ᠬᠡᠷᠡᠭᠲᠡᠢ᠃ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠲᠤᠬᠠᠢ ᠶᠢᠨ  ᠲᠠᠯᠠᠪᠤᠷ ᠤᠨ ᠰᠣᠷᠢᠯᠲᠠ ᠬᠢᠵᠦ ᠦᠨᠡᠯᠡᠬᠦ ᠬᠦᠰᠦᠨᠦᠭᠲᠦ ᠶᠢ ᠬᠢᠨᠠᠨ ᠬᠠᠷᠭᠤᠭᠤᠯᠵᠤ ᠲᠠᠮᠠᠭ᠎ᠠ ᠳᠠᠷᠤᠬᠤ ᠵᠢᠴᠢ ᠲᠤᠬᠠᠢ ᠶᠢᠨ  ᠲᠠᠯᠠᠪᠤᠷ ᠤᠨ ᠰᠣᠷᠢᠯᠲᠠ ᠬᠢᠵᠦ ᠦᠨᠡᠯᠡᠬᠦ ᠮᠡᠳᠡᠭᠦᠯᠦᠯᠲᠡ ᠶᠢᠨ ᠳ᠋ᠤᠭᠠᠷᠯᠠᠯ ᠪᠠ ᠬᠢᠨᠠᠨ ᠬᠠᠷᠭᠤᠭᠤᠯᠵᠤ ᠲᠠᠮᠠᠭ᠎ᠠ ᠳᠠᠷᠤᠬᠤ ᠶᠢ ᠬᠠᠷᠢᠭᠤᠴᠠᠨ᠎ᠠ᠃      ᠥᠪᠡᠷᠲᠡᠭᠡᠨ ᠵᠠᠰᠠᠬᠤ ᠣᠷᠣᠨ ᠠᠴᠠ ᠲᠤᠬᠠᠢ ᠶᠢᠨ  ᠲᠠᠯᠠᠪᠤᠷ ᠤᠨ ᠰᠣᠷᠢᠯᠲᠠ ᠬᠢᠵᠦ ᠦᠨᠡᠯᠡᠬᠦ ᠠᠵᠢᠯ ᠳᠤ ᠬᠢᠷᠢ ᠲᠡᠩᠴᠡᠭᠰᠡᠨ ᠮᠠᠰᠢᠨ ᠪᠠᠭᠠᠵᠢ ᠳᠤ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠪᠠᠶᠢᠳᠠᠯ ᠢ ᠨᠢ ᠦᠵᠡᠵᠦ ᠰᠤᠭᠤᠴᠢᠨ ᠪᠠᠶᠢᠴᠠᠭᠠᠵᠤ ᠬᠠᠷᠭᠤᠭᠤᠯᠤᠨ ᠪᠠᠶᠢᠴᠠᠭᠠᠨ᠎ᠠ᠃      ᠭᠤᠷᠪᠠ᠂ ᠲᠤᠬᠠᠢ ᠶᠢᠨ  ᠲᠠᠯᠠᠪᠤᠷ ᠤᠨ ᠰᠣᠷᠢᠯᠲᠠ ᠬᠢᠵᠦ ᠦᠨᠡᠯᠡᠬᠦ ᠶᠠᠪᠤᠴᠠ      ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠯ ᠃ ᠲᠤᠬᠠᠢ ᠶᠢᠨ ᠲᠠᠯᠠᠪᠤᠷ ᠲᠤ ᠨᠢ ᠰᠣᠷᠢᠯᠲᠠ ᠬᠢᠵᠦ ᠦᠨᠡᠯᠡᠬᠦ ᠴᠢᠬᠤᠯᠠᠲᠠᠢ ᠮᠠᠰᠢᠨ ᠪᠠᠭᠠᠵᠢ  ᠯᠦᠭᠡ ᠬᠤᠯᠪᠤᠭᠳᠠᠭᠰᠠᠨ ᠦᠢᠯᠡᠳᠪᠦᠷᠢᠯᠡᠬᠦ ᠠᠵᠤ ᠠᠬᠤᠶᠢᠯᠠᠯ  ᠨᠢ ᠂ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠲᠤᠬᠠᠢ ᠶᠢᠨ  ᠲᠠᠯᠠᠪᠤᠷ ᠤᠨ ᠰᠣᠷᠢᠯᠲᠠ ᠬᠢᠵᠦ ᠦᠨᠡᠯᠡᠬᠦ ᠠᠵᠢᠯ ᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠦᠪᠡᠰᠦᠪᠡᠨ ᠬᠠᠷᠢᠯᠴᠠᠵᠤ᠂ ᠠᠮᠠᠯᠠᠯᠲᠠ ᠶᠢᠨ ᠪᠢᠴᠢᠭ︵ᠳᠠᠭᠠᠯᠳᠤᠭᠤᠯᠤᠯ 1 ᠶᠢ ᠦᠵᠡᠭᠡᠷᠡᠢ ︶ ᠵᠢᠴᠢ ᠮᠠᠰᠢᠨ ᠪᠠᠭᠠᠵᠢ ᠶᠢᠨ ᠳᠡᠯᠭᠡᠷᠡᠭᠦᠯᠦᠯᠲᠡ ᠶᠢᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠪᠠ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ᠂ ᠬᠤᠪᠢᠷᠠᠭᠤᠯᠤᠯᠲᠠ ᠶᠢᠨ ᠮᠡᠳᠡᠭᠦᠯᠦᠯᠲᠡ ︵ᠬᠡᠷᠪᠡ ᠪᠠᠶᠢᠪᠠᠯ︶᠂ ᠦᠨᠡᠮᠯᠡᠯ ᠰᠣᠯᠢᠭᠰᠠᠨ ᠮᠡᠳᠡᠭᠦᠯᠦᠯᠲᠡ ︵ᠬᠡᠷᠪᠡ ᠪᠠᠶᠢᠪᠠᠯ︶᠂ ᠦᠢᠯᠡᠳᠬᠦᠨ ᠤ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ︵ ᠬᠠᠭᠤᠯᠭᠠᠪᠤᠷᠢ ᠳᠡᠭᠡᠷ᠎ᠡ ᠠᠯᠪᠠᠨ ᠲᠠᠮᠠᠭ᠎ᠠ ᠳᠠᠷᠤᠨ᠎ᠠ︶ ᠢᠶᠠᠨ ᠲᠤᠰᠢᠶᠠᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠲᠤᠬᠠᠢ ᠶᠢᠨ ᠲᠠᠯᠠᠪᠤᠷ ᠤᠨ ᠰᠣᠷᠢᠯᠲᠠ ᠬᠢᠵᠦ ᠦᠨᠡᠯᠡᠬᠦ ᠴᠠᠭ ᠪᠠ ᠭᠠᠵᠠᠷ ᠢ ᠲᠣᠭᠲᠠᠭᠠᠵᠤ᠂ ᠪᠦᠯᠦᠭ ᠤᠳᠠᠭ᠎ᠠ ᠬᠤᠪᠢᠶᠠᠨ ᠲᠤᠬᠠᠢ ᠶᠢᠨ  ᠲᠠᠯᠠᠪᠤᠷ ᠤᠨ ᠰᠣᠷᠢᠯᠲᠠ ᠬᠢᠵᠦ ᠦᠨᠡᠯᠡᠬᠦ ᠠᠵᠢᠯ ᠢ ᠨᠢᠭᠡᠳᠦᠯᠲᠡᠢ ᠲᠣᠬᠢᠷᠠᠭᠤᠯᠬᠤ ᠪᠣᠯᠣᠨ᠎ᠠ᠃      ︵ᠬᠤᠶᠠᠷ︶ ᠲᠤᠬᠠᠢ ᠶᠢᠨ ᠲᠠᠯᠠᠪᠤᠷ ᠤᠨ ᠦᠨᠡᠯᠡᠯᠲᠡ ᠬᠢᠬᠦ ᠠᠵᠢᠯ ᠢ ᠵᠣᠬᠢᠶᠠᠨ ᠪᠠᠶᠢᠭᠤᠯᠬᠤ ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠮᠠᠰᠢᠨ ᠪᠠᠭᠠᠵᠢ ᠶᠢᠨ ᠬᠥᠲᠥᠯᠪᠦᠷᠢ ᠪᠠ ᠲᠠᠩᠰᠠ ᠡᠪᠬᠡᠮᠡᠯ ᠳᠤ ᠤᠷᠤᠭᠤᠯᠤᠭᠰᠠᠨ ᠮᠡᠷᠭᠡᠵᠢᠯ ᠤᠨ ᠪᠣᠯᠵᠣᠯᠲᠤ ᠲᠤᠭ᠎ᠠ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠦᠨᠳᠦᠰᠦᠯᠡᠨ ᠲᠤᠬᠠᠢ ᠶᠢᠨ ᠲᠠᠯᠠᠪᠤᠷ ᠤᠨ ᠬᠠᠷᠭᠤᠭᠤᠯᠤᠨ ᠰᠢᠯᠭᠠᠬᠤ ᠠᠭᠤᠯᠭ᠎ᠠ ᠶᠢ ᠲᠣᠭᠲᠠᠭᠠᠵᠤ᠂ ᠰᠣᠷᠢᠯᠲᠠ ᠬᠢᠬᠦ ᠮᠠᠰᠢᠨ ᠪᠠᠭᠠᠵᠢ ᠶᠢ ᠨᠢᠭᠡᠳ ᠨᠢᠭᠡ ᠪᠠᠷ ᠲᠤᠬᠠᠢ ᠶᠢᠨ ᠲᠠᠯᠠᠪᠤᠷ ᠲᠤ ᠨᠢ ᠬᠠᠷᠭᠤᠭᠤᠯᠤᠨ ᠰᠢᠯᠭᠠᠵᠤ᠂ ᠬᠡᠮᠵᠢᠨ ᠲᠤᠭᠲᠠᠭᠠᠨ ᠂ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠬᠦ ᠬᠦᠰᠦᠨᠦᠭᠲᠦ ᠶᠢ ᠲᠠᠭᠯᠠᠵᠤ᠂ ᠲᠤᠬᠠᠢ ᠶᠢᠨ ᠲᠠᠯᠠᠪᠤᠷ ᠤᠨ ᠰᠣᠷᠢᠯᠲᠠ ᠬᠢᠵᠦ ᠦᠨᠡᠯᠡᠬᠦ ᠮᠡᠳᠡᠭᠦᠯᠦᠯᠲᠡ ︵ᠳᠠᠭᠠᠯᠳᠤᠭᠤᠯᠤᠯ 2 ᠢ ᠦᠵᠡᠭᠡᠷᠡᠢ ︶ ᠶᠢ ᠪᠣᠶ ᠪᠣᠯᠭᠠᠨ ᠂ ᠲᠤᠬᠠᠢ ᠶᠢᠨ ᠲᠠᠯᠠᠪᠤᠷ ᠤᠨ ᠪᠣᠳᠠᠲᠠᠢ ᠬᠡᠮᠵᠢᠯᠲᠡ ᠬᠢᠭᠡᠳ ᠮᠡᠳᠡᠭᠦᠯᠦᠭᠰᠡᠨ ᠪᠣᠯᠵᠣᠯᠲᠤ ᠲᠤᠭ᠎ᠠ  ᠨᠢ ᠬᠠᠷᠢᠯᠴᠠᠨ ᠨᠡᠶᠢᠴᠡᠬᠦ ᠡᠰᠡᠬᠦ ᠶᠢ ᠦᠨᠡᠯᠡᠨ ᠲᠣᠭᠲᠠᠭᠠᠭᠰᠠᠨ ᠰᠠᠨᠠᠯ ︵ᠬᠠᠷᠢᠯᠴᠠᠨ ᠨᠡᠶᠢᠴᠡᠬᠦ ᠶᠢ ᠪᠠᠲᠤᠯᠠᠭᠰᠠᠨ ᠢᠶᠠᠷ ᠦᠵᠡᠨ᠎ᠡ︶ ᠭᠠᠷᠭᠠᠵᠤ ᠥᠭᠭᠦᠨ᠎ᠡ᠃      ︵ᠭᠤᠷᠪᠠ︶ ᠦᠨᠡᠯᠡᠭᠰᠡᠨ ᠦᠷ᠎ᠡ ᠳ᠋ᠦᠩ ᠵᠢᠴᠢ ᠬᠡᠷᠡᠭᠯᠡᠯᠲᠡ᠃ ᠬᠠᠮᠢᠶ᠎ᠠ ᠪᠦᠬᠦᠢ ᠠᠵᠤ ᠠᠬᠤᠶᠢᠯᠠᠯ ᠨᠢ 11 ᠰᠠᠷ᠎ᠠ ᠶᠢᠨ 30 ᠤ ᠡᠳᠦᠷ ᠠᠴᠠ ᠡᠮᠦᠨ᠎ᠡ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠭᠰᠡᠨ ᠮᠠᠲ᠋ᠧᠷᠢᠶᠠᠯ︵ᠠᠮᠠᠯᠠᠯᠲᠠ ᠶᠢᠨ ᠪᠢᠴᠢᠭ᠂ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠭᠰᠡᠨ ᠬᠦᠰᠦᠨᠦᠭᠲᠦ᠂ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠭᠰᠡᠨ ᠮᠡᠳᠡᠭᠦᠯᠦᠯᠲᠡ︶ ᠢᠶᠠᠨ ᠬᠠᠩᠭᠠᠬᠤ ᠮᠥᠷᠲᠡᠭᠡᠨ ᠦᠷ᠎ᠡ ᠳ᠋ᠦᠩ ᠨᠢ ᠬᠢᠷᠢ ᠲᠡᠩᠴᠡᠭᠰᠡᠨ ᠮᠠᠰᠢᠨ ᠪᠠᠭᠠᠵᠢ ᠳᠤ ᠬᠠᠮᠢᠶ᠎ᠠ ᠪᠦᠬᠦᠢ ᠨᠥᠬᠦᠪᠦᠷᠢ ᠶᠢᠨ ᠠᠵᠢᠯ ᠢ ᠦᠷᠭᠦᠯᠵᠢᠯᠡᠨ ᠥᠷᠨᠢᠭᠦᠯᠵᠦᠪᠣᠯᠣᠨ᠎ᠠ᠃ ᠬᠤᠭᠤᠴᠠᠭ᠎ᠠ ᠬᠡᠳᠦᠷᠡᠭᠡᠳ ᠲᠤᠰᠢᠶᠠᠭᠰᠠᠨ ᠦᠭᠡᠢ ᠪᠤᠶᠤ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠬᠦ ᠳᠤ ᠬᠢᠷᠢ ᠲᠡᠩᠴᠡᠭᠰᠡᠨ ᠦᠭᠡᠢ ᠪᠠᠶᠢᠪᠠᠯ ᠂ ᠬᠤᠯᠪᠣᠭᠳᠠᠯ ᠪᠦᠬᠦᠢ ᠮᠠᠰᠢᠨ ᠪᠠᠭᠠᠵᠢ ᠶᠢᠨ ᠨᠥᠬᠦᠪᠦᠷᠢ ᠥᠭᠬᠦ ᠬᠢᠷᠢ ᠬᠡᠮ ᠢ ᠨᠢ ᠬᠠᠰᠤᠨ᠎ᠠ ᠂ ᠡᠭᠦᠨ ᠠᠴᠠ ᠪᠣᠯᠤᠭᠰᠠᠨ ᠠᠯᠢᠪᠠ ᠬᠠᠤᠯᠢ ᠴᠠᠭᠠᠵᠠ ᠵᠢᠴᠢ ᠠᠵᠤ ᠠᠬᠤᠢ ᠶᠢᠨ ᠬᠤᠬᠢᠷᠠᠯ ᠢ ᠠᠵᠤ ᠠᠬᠤᠶᠢᠯᠠᠯ ᠠᠴᠠ ᠡᠭᠦᠷᠭᠡᠯᠡᠨ᠎ᠡ ᠃      ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠲᠤᠬᠠᠢ ᠶᠢᠨ ᠲᠠᠯᠠᠪᠠᠶ ᠲᠤ  ᠨᠢ ᠰᠤᠷᠢᠯᠲᠠ ᠬᠢᠵᠦ ᠦᠨᠡᠯᠡᠬᠦ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠨᠡᠷᠡᠶᠢᠳᠦᠨ᠎ᠡ︶ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠨᠢ ᠤᠳᠠᠭ᠎ᠠ ᠪᠦᠷᠢ ᠶᠢᠨ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠬᠦ ᠠᠵᠢᠯ ᠢ ᠦᠷᠨᠢᠭᠦᠯᠬᠦ ᠠᠴᠠ ᠡᠮᠦᠨ᠎ᠡ᠂ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠬᠦ ᠴᠠᠭ᠂ ᠭᠠᠵᠠᠷ ᠣᠷᠣᠨ᠂ ᠮᠠᠰᠢᠨ ᠪᠠᠭᠠᠵᠢ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠵᠡᠷᠭᠡ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠠᠨ ᠮᠠᠯᠵᠢᠬᠤ ᠤᠷᠤᠨ ᠤ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ︵ᠳᠠᠭᠠᠯᠳᠤᠭᠤᠯᠤᠯ 3 ᠶᠢ ᠦᠵᠡᠭᠡᠷᠡᠢ ︶᠃ ᠭᠤᠷᠪᠠᠳᠠᠭᠢ ᠡᠲᠡᠭᠡᠳ ᠲᠤ ᠨᠠᠶᠢᠳᠠᠵᠤ ᠥᠷᠨᠢᠭᠦᠯᠦᠭᠰᠡᠨ ᠪᠠᠶᠢᠪᠠᠯ ᠡᠷᠬᠡᠪᠰᠢ ᠨᠠᠶᠢᠳᠠᠯᠭ᠎ᠠ ᠶᠢᠨ ᠪᠢᠴᠢᠭ ᠬᠠᠩᠭᠠᠬᠤ ᠬᠡᠷᠡᠭᠲᠡᠢ ᠃      ︵ᠬᠤᠶᠠᠷ︶ ᠲᠤᠬᠠᠢ ᠶᠢᠨ ᠲᠠᠯᠠᠪᠤᠷ ᠲᠤ  ᠨᠢ ᠰᠤᠷᠢᠯᠲᠠ ᠬᠢᠬᠦ ᠠᠵᠢᠯ ᠢ ᠤᠳᠤᠷᠢᠳᠬᠤ ᠳᠤᠭᠤᠶᠢᠯᠠᠩ ᠢᠶᠠᠷ ᠲᠤᠯᠤᠭᠠᠶᠢᠯᠠᠭᠤᠯᠤᠨ ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ ᠲᠣᠭᠲᠠᠭᠰᠠᠨ ᠭᠠᠵᠠᠷ ᠲᠤ ᠢᠯᠡ ᠪᠠᠷ ᠶᠠᠪᠤᠭᠳᠠᠭᠤᠯᠵᠤ᠂ ᠮᠠᠰᠢᠨ ᠪᠠᠭᠠᠵᠢ ᠶᠢᠨ ᠪᠣᠯᠵᠣᠯᠲᠤ ᠲᠤᠭ᠎ᠠ ᠵᠢᠴᠢ ᠴᠢᠳᠠᠮᠵᠢ ᠶᠢ ᠴᠥᠮ ᠲᠤᠬᠠᠢ ᠶᠢᠨ ᠲᠠᠯᠠᠪᠤᠷ ᠲᠤ  ᠨᠢ ᠬᠠᠷᠭᠤᠭᠤᠯᠤᠨ᠂ ᠬᠡᠮᠵᠢᠨ ᠲᠤᠭᠲᠠᠭᠠᠬᠤ ᠬᠡᠷᠡᠭᠲᠡᠢ ᠃      ︵ ᠭᠤᠷᠪᠠ ︶ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠢᠨᠠᠨ ᠬᠠᠷᠭᠤᠭᠤᠯᠤᠭᠰᠠᠨ ᠂ ᠬᠡᠮᠵᠢᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ ᠂ ᠰᠤᠷᠢᠯᠲᠠ ᠬᠢᠭᠰᠡᠨ ᠮᠠᠰᠢᠨ ᠪᠠᠭᠠᠵᠢ ᠳᠤ ᠪᠤᠰᠤᠳᠴᠢ ᠪᠥᠭᠡᠳ ᠭᠤᠣᠯᠴᠢ ᠦᠨᠡᠯᠡᠯᠲᠡ ᠬᠢᠬᠦ ᠬᠡᠷᠡᠭᠲᠡᠢ᠃      ︵ᠳᠥᠷᠪᠡ︶ ᠪᠦᠯᠦᠭ ᠤᠳᠠᠭ᠎ᠠ ᠪᠦᠷᠢ ᠶᠢᠨ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠭᠰᠡᠨ ᠤ ᠳᠠᠷᠠᠭ᠎ᠠ᠂ ᠬᠠᠮᠢᠶ᠎ᠠ ᠪᠦᠬᠦᠢ ᠠᠵᠤ ᠠᠬᠤᠶᠢᠯᠠᠯ ᠤᠳ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠭᠰᠡᠨ ᠬᠦᠰᠦᠨᠦᠭᠲᠦ᠂ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠭᠰᠡᠨ ᠮᠡᠳᠡᠭᠦᠯᠦᠯᠲᠡ ᠶᠢ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠬᠦ ᠤᠳᠤᠷᠢᠳᠬᠤ ᠳᠤᠭᠤᠶᠢᠯᠠᠩ ᠳᠤ ᠳᠡᠪᠰᠢᠭᠦᠯᠦᠨ ᠬᠢᠨᠠᠨ ᠬᠠᠷᠭᠤᠭᠤᠯᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠳᠤ ᠮᠡᠳᠡᠭᠦᠯᠬᠦ ᠬᠡᠷᠡᠭᠲᠡᠢ᠃      ︵ᠲᠠᠪᠤ︶ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠬᠦ ᠴᠠᠭ ᠤᠨ ᠬᠢᠵᠠᠭᠠᠷ᠄ ᠨᠣᠭᠤᠭᠠᠨ ᠪᠣᠷᠳᠤᠭ᠎ᠠ ᠬᠤᠷᠢᠶᠠᠬᠤ ᠮᠠᠰᠢᠨ ᠢ 10 ᠰᠠᠷ᠎ᠠ ᠶᠢᠨ 15 ᠤ ᠡᠳᠦᠷ ᠠᠴᠠ ᠡᠮᠦᠨ᠎ᠡ ᠳᠠᠭᠤᠰᠬᠠᠵᠤ᠂ ᠥᠨᠳᠥᠷ ᠴᠢᠳᠠᠮᠵᠢᠲᠤ ᠦᠯᠦ ᠬᠠᠭᠠᠯᠪᠤᠷᠢᠯᠠᠨ ᠳᠠᠷᠢᠬᠤ᠂ ᠴᠣᠬᠢᠬᠤ ︵ᠳᠠᠷᠤᠬᠤ︶ ᠪᠣᠭᠤᠵᠢᠯᠠᠬᠤ ᠮᠠᠰᠢᠨ ᠢ 11 ᠰᠠᠷ᠎ᠠ ᠶᠢᠨ 10 ᠤ ᠡᠳᠦᠷ ᠠᠴᠠ ᠡᠮᠦᠨ᠎ᠡ ᠳᠠᠭᠤᠰᠬᠠᠨ᠎ᠠ᠃      ᠲᠠᠪᠤ ᠂ ᠪᠤᠰᠤᠳ ᠵᠦᠢᠯᠡᠰ      ︵ᠨᠢᠭᠡ︶ ᠬᠠᠷᠠᠮᠥ᠋ᠷᠡᠨ᠂ ᠯᠢᠶᠣᠤᠨᠢᠩ᠂ ᠭᠢᠷᠢᠨ ᠮᠤᠵᠢ ᠳᠤ ᠨᠢᠭᠡᠨᠲᠡ ᠲᠤᠬᠠᠢ ᠵᠢᠨ‌‍ᠲ᠋ᠠᠯᠠᠪᠤᠷ ᠤᠨ ᠰᠤᠷᠢᠯᠲᠠ ᠬᠢᠵᠦ ᠦᠨᠡᠯᠡᠭᠰᠡᠨ ᠪᠥᠭᠡᠳ ᠪᠠᠲᠤᠯᠠᠭᠳᠠᠭᠰᠠᠨ ᠮᠠᠰᠢᠨ ᠪᠠᠭᠠᠵᠢ ᠶᠢ ᠮᠠᠨ ᠤ ᠣᠷᠣᠨ ᠠᠴᠠ ᠦᠷ᠎ᠡ ᠳ᠋ᠦᠩ ᠢ ᠰᠢᠭᠤᠳ  ᠮᠡᠳᠡᠷᠡᠨ᠎ᠡ ᠂ ᠬᠠᠮᠢᠶ᠎ᠠ ᠪᠦᠬᠦᠢ ᠠᠵᠤ ᠠᠬᠤᠶᠢᠯᠠᠯ ᠤᠳ 11 ᠰᠠᠷ᠎ᠠ ᠶᠢᠨ 30 ᠤ ᠡᠳᠦᠷ ᠠᠴᠠ ᠡᠮᠦᠨ᠎ᠡ ᠠᠮᠠᠯᠠᠯᠲᠠ ᠶᠢᠨ ᠪᠢᠴᠢᠭ ᠪᠠ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠬᠦ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠳᠤ ᠮᠡᠳᠡᠭᠦᠯᠦᠨ ᠬᠦᠷᠭᠡᠭᠡᠷᠡᠢ ᠃      ︵ᠬᠤᠶᠠᠷ︶ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ ᠠᠰᠲᠠᠭᠠᠨ ᠲᠥᠷᠥ ᠶᠢᠨ ᠪᠣᠳᠣᠯᠭ᠎ᠠ ᠲᠠᠢ ᠦᠶᠡᠰ᠂ ᠰᠢᠨ᠎ᠡ ᠲᠥᠷᠥ ᠶᠢᠨ ᠪᠣᠳᠣᠯᠭ᠎ᠠ ᠶᠢ ᠦᠨᠳᠦᠰᠦᠯᠡᠨ ᠬᠡᠷᠡᠭᠵᠢᠭᠦᠯᠦᠨ᠎ᠡ᠃                             ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                             ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                     2022 ᠣᠨ ᠤ 8 ᠰᠠᠷ᠎ᠠ ᠶᠢᠨ 22 ᠤᠨ ᠡᠳᠦᠷ       ᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠳᠤ ᠨᠥᠬᠦᠪᠦᠷᠢ ᠦᠭᠬᠦ ᠲᠠᠩᠰᠠ ᠡᠪᠬᠡᠮᠡᠯ ᠳᠤ ᠤᠷᠤᠭᠤᠯᠤᠭᠰᠠᠨ ᠮᠠᠰᠢᠨ ᠪᠠᠭᠠᠵᠢ ᠶᠢᠨ ᠲᠤᠬᠠᠢ ᠶᠢᠨ ᠲᠠᠯᠠᠪᠤᠷ ᠲᠤ ᠨᠢ ᠰᠤᠷᠢᠯᠲᠠ ᠬᠢᠵᠦ ᠦᠨᠡᠯᠡᠬᠦ ᠠᠮᠠᠯᠠᠯᠲᠠ ᠶᠢᠨ ᠪᠢᠴᠢᠭ      ᠳᠠᠭᠠᠯᠳᠤᠭᠤᠯᠤᠯ 2᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠳᠤ ᠨᠥᠬᠦᠪᠦᠷᠢ ᠥᠭᠬᠦ ᠮᠠᠰᠢᠨ ᠪᠠᠭᠠᠵᠢ ᠶᠢᠨ ᠲᠤᠬᠠᠢ ᠶᠢᠨ ᠲᠠᠯᠠᠪᠤᠷ ᠤᠨ ᠰᠤᠷᠢᠯᠲᠠ ᠬᠢᠵᠦ ᠦᠨᠡᠯᠡᠬᠦ ᠬᠦᠰᠦᠨᠦᠭᠲᠦ ᠵᠢᠴᠢ ᠮᠡᠳᠡᠭᠦᠯᠦᠯᠲᠡ ᠶᠢᠨ ᠶᠠᠩᠵᠤ ᠬᠡᠯᠪᠡᠷᠢ      ᠳᠠᠭᠠᠯᠳᠤᠭᠤᠯᠤᠯ 3 ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠨᠥᠬᠦᠪᠦᠷᠢ ᠥᠭᠬᠦ ᠮᠠᠰᠢᠨ ᠪᠠᠭᠠᠵᠢ ᠶᠢᠨ ᠬᠡᠷᠡᠭᠯᠡᠭᠡᠨ ᠤ ᠲᠤᠬᠠᠢ ᠶᠢᠨ ᠲᠠᠯᠠᠪᠤᠷ ᠲᠤ ᠨᠢ ᠰᠤᠷᠢᠯᠲᠠ ᠬᠢᠵᠦ ᠦᠨᠡᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠤᠨ ᠬᠦᠰᠦᠨᠦᠭᠲᠦ      ᠳᠠᠭᠠᠯᠳᠤᠭᠤᠯᠤᠯ 4 ᠄ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ      ᠳᠠᠭᠠᠯᠳᠤᠭᠤᠯᠤᠯ 5᠄ ᠲᠤᠬᠠᠢ ᠶᠢᠨ ᠲᠠᠯᠠᠪᠤᠷ ᠲᠤ ᠨᠢ ᠰᠤᠷᠢᠯᠲᠠ ᠬᠢᠵᠦ ᠦᠨᠡᠯᠡᠬᠦ ᠴᠢᠬᠤᠯᠠᠲᠠᠢ ᠦᠢᠯᠡᠳᠬᠦᠨ ᠤ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ  
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号