ᠠᠷᠢᠭᠤᠳᠬᠠᠭᠴᠢ ᠡᠳ᠋ ᠢ ᠬᠡᠷᠬᠢᠨ ᠰᠣᠩᠭᠤᠬᠤ ᠪᠤᠢ
ᠨᠡᠶᠢᠲᠡᠯᠡᠭᠰᠡᠨ ᠴᠠᠭ᠄
2022/8/23
      ᠡᠸᠦ᠋ᠷᠦᠫᠡ ᠲᠢᠪ ᠤᠨ ᠮᠠᠰᠢ ᠣᠯᠠᠨ ᠤᠯᠤᠰ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠲᠤᠶᠢᠯ ᠤᠨ ᠴᠢᠩᠭ᠎ᠠ ᠪᠠᠶᠢᠵᠤ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠂ ᠲᠥᠰᠥᠯ ᠤᠨ ᠰᠣᠩᠭᠤᠯᠲᠠ ᠶᠢᠨ ᠲᠠᠯ᠎ᠠ ᠪᠠᠷ ᠲᠤᠶᠢᠯ ᠤᠨ ᠴᠢᠩᠭ᠎ᠠ ᠨᠢᠮᠪᠠᠢ ᠣᠪᠣᠷ ᠢ ᠪᠠᠷᠢᠮᠲᠠᠯᠠᠵᠤ ᠪᠠᠶᠢᠨ᠎ᠠ᠃ ᠰᠡᠷᠭᠡᠶᠢᠯᠡᠨ ᠡᠵᠡᠮᠳᠡᠯ ᠢ ᠭᠤᠣᠯᠳᠠᠭᠤ ᠭᠠᠳᠠᠨᠠᠬᠢ ᠠᠮᠢᠳᠤ ᠪᠣᠳᠠᠰ ᠤᠨ ᠠᠮᠤᠷ ᠲᠦᠪᠰᠢᠨ ᠤ ᠰᠢᠰᠲ᠋ᠧᠮ ᠤᠨ ᠬᠠᠮᠢᠶᠠᠷᠤᠯᠲᠠ ᠪᠠ ᠳᠣᠲᠣᠭᠠᠳᠤ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠰᠢᠰᠲ᠋ᠧᠮ ᠤᠨ ᠬᠠᠮᠢᠶᠠᠷᠤᠯᠲᠠ ᠭᠡᠵᠦ ᠬᠤᠪᠢᠶᠠᠨ᠎ᠠ ᠃      ᠳᠣᠲᠣᠭᠠᠳᠤ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠰᠢᠰᠲ᠋ᠧᠮ ᠤᠨ ᠬᠠᠮᠢᠶᠠᠷᠤᠯᠲᠠ ᠶᠢᠨ ᠠᠭᠤᠯᠭ᠎ᠠ ᠳᠤ ᠣᠷᠴᠢᠨ ᠲᠣᠭᠤᠷᠢᠨ ᠤ ᠠᠷᠢᠭᠤᠨ ᠴᠡᠪᠡᠷ ᠢ ᠠᠷᠢᠭᠤᠳᠬᠠᠨ ᠴᠡᠪᠡᠷᠯᠡᠬᠦ ᠶᠢ ᠣᠨᠴᠠᠭᠠᠶᠢᠯᠠᠨ ᠴᠢᠬᠤᠯᠠᠴᠢᠯᠠᠳᠠᠭ᠃ ᠡᠸᠦ᠋ᠷᠦᠫᠡ ᠲᠢᠪ ᠬᠢᠭᠡᠳ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠣᠶᠢᠯᠠᠭᠠᠭᠳᠠᠬᠤᠨ ᠤ ᠲᠠᠯ᠎ᠠ ᠪᠠᠷ ᠪᠠᠭ᠎ᠠ ᠰᠠᠭ᠎ᠠ ᠵᠥᠷᠢᠶ᠎ᠡ ᠲᠠᠢ ᠪᠠᠶᠢᠳᠠᠭ᠂ ᠡᠸᠦ᠋ᠷᠦᠫᠡ ᠲᠢᠪ ᠤᠨ ᠠᠮᠢᠳᠤ ᠪᠣᠳᠠᠰ ᠤᠨ ᠠᠮᠤᠷ ᠲᠦᠪᠰᠢᠨ ᠤ ᠣᠶᠢᠯᠠᠭᠠᠭᠳᠠᠬᠤᠨ ᠤ ᠲᠠᠯ᠎ᠠ ᠪᠠᠷ ︽ᠤᠬᠢᠶᠠᠵᠤ ᠴᠡᠪᠡᠷᠯᠡᠬᠦ︾ ᠪᠣᠯ ᠰᠠᠶ᠋ᠢ ᠬᠠᠮᠤᠭ ᠤᠨ ᠴᠢᠬᠤᠯᠠ ᠭᠤᠭᠴᠤᠭ᠎ᠠ ᠮᠥᠨ᠂ ᠤᠬᠢᠶᠠᠵᠤ ᠴᠡᠪᠡᠷᠯᠡᠬᠦ ᠪᠣᠯ ᠬᠠᠮᠤᠭ ᠤᠨ ᠦᠨᠳᠦᠰᠦᠨ ᠠᠵᠢᠯ ᠪᠣᠯᠣᠨ᠎ᠠ ᠂ ᠡᠷᠬᠡᠪᠰᠢ ᠣᠷᠴᠢᠨ ᠲᠣᠭᠤᠷᠢᠨ ᠢ ᠤᠬᠢᠶᠠᠵᠤ ᠴᠡᠪᠡᠷᠯᠡᠭᠰᠡᠨ ᠤ ᠳᠠᠷᠠᠭ᠎ᠠ ᠰᠠᠶ᠋ᠢ ᠠᠷᠢᠭᠤᠳᠬᠠᠬᠤ ᠬᠡᠷᠡᠭᠲᠡᠢ ᠭᠡᠵᠦ ᠦᠵᠡᠳᠡᠭ᠃ ᠭᠡᠲᠡᠯ᠎ᠡ ᠳᠤᠮᠳᠠᠳᠤ ᠤᠯᠤᠰ ᠤᠨ ᠲᠡᠵᠢᠭᠡᠨ ᠦᠷᠡᠵᠢᠭᠦᠯᠬᠦ ᠡᠷᠦᠬᠡ ᠬᠠᠷᠢᠨ ︽ᠠᠷᠢᠭᠤᠳᠬᠠᠬᠤ︾ ᠶᠢ ᠮᠠᠰᠢ ᠴᠢᠬᠤᠯᠠᠴᠢᠯᠠᠳᠠᠭ᠂ ᠣᠬᠢᠶᠠᠵᠤ ᠴᠡᠪᠡᠷᠯᠡᠬᠦ ᠶᠢ ᠡᠷᠬᠢᠮᠯᠡᠳᠡᠭ ᠦᠭᠡᠢ ᠤᠴᠢᠷ ᠠᠴᠠ ᠦᠨᠡᠨ ᠳᠤ ᠪᠠᠨ ᠮᠠᠰᠢ ᠣᠯᠠᠨ ᠠᠷᠢᠭᠤᠳᠬᠠᠯ ᠨᠢ ᠲᠡᠶᠢᠮᠦ ᠲᠤᠶᠢᠯᠪᠤᠷᠢᠲᠠᠢ ᠪᠢᠰᠢ ᠪᠤᠯᠳᠠᠭ ᠃  ᠰᠤᠳᠤᠯᠭ᠎ᠠ ᠭᠡᠷᠡᠴᠢᠯᠡᠭᠰᠡᠨ ᠨᠢ ᠂ ᠤᠬᠢᠶᠠᠵᠤ ᠴᠡᠪᠡᠷᠯᠡᠭᠰᠡᠨ ᠤ ᠳᠠᠷᠠᠭᠠᠬᠢ ᠬᠡᠷᠡᠮ ᠤᠨ ᠨᠢᠭᠤᠷ ᠪᠤᠶᠤ ᠦᠩᠭᠡᠨ ᠲᠠᠯ᠎ᠠ ᠶᠢᠨ ᠳᠠᠭᠠᠯᠲᠠ ᠪᠣᠳᠠᠰ ᠤᠨ ᠡᠪᠡᠳᠴᠢᠨ ᠡᠭᠦᠰᠭᠡᠭᠴᠢ ᠶᠢᠨ ᠦᠯᠡᠳᠡᠭᠳᠡᠯ ᠤᠨ ᠬᠡᠮᠵᠢᠶ᠎ᠡ ᠲᠤᠶᠢᠯ ᠤᠨ ᠳᠣᠣᠷ᠎ᠠ ᠂  ᠠᠷᠢᠭᠤᠳᠬᠠᠵᠦ ᠤᠰᠠᠳᠬᠠᠬᠤ ᠳᠤ ᠨᠡᠩ ᠠᠮᠠᠷᠬᠠᠨ ᠃ ᠬᠤᠯᠪᠣᠭᠳᠠᠯ ᠪᠦᠬᠦᠢ ᠲᠤᠷᠰᠢᠯᠲᠠ ᠶᠢᠨ ᠲᠤᠭ᠎ᠠ ᠪᠠᠷᠢᠮᠲᠠ ᠶᠢᠨ ᠭᠡᠷᠡᠴᠢᠯᠡᠭᠰᠡᠨ ᠢᠶᠠᠷ ᠂ ᠪᠦᠲᠦᠮᠵᠢᠲᠡᠶ ᠤᠬᠢᠶᠠᠨ ᠴᠡᠪᠡᠷᠯᠡᠬᠦ ᠠᠷᠭ᠎ᠠ ᠪᠠᠷ ᠴᠡᠪᠡᠷᠯᠡᠭᠰᠡᠨ ᠪᠣᠳᠠᠰ ᠤᠨ ᠭᠠᠳᠠᠷᠭᠤ ᠶᠢᠨ ᠡᠪᠡᠳᠴᠢᠨ ᠡᠭᠦᠰᠬᠡᠭᠴᠢ ᠶᠢᠨ ᠦᠯᠡᠳᠡᠭᠳᠡᠯ ᠤᠨ ᠬᠡᠮᠵᠢᠶ᠎ᠡ ᠨᠢ 100cfu/cm2  ᠠᠴᠠ ᠳᠣᠣᠷ᠎ᠠ ᠪᠠᠶᠢᠵᠠᠢ᠃ ᠡᠶᠢᠮᠦᠷᠬᠦᠦ ᠨᠥᠬᠦᠴᠡᠯ ᠳᠣᠣᠷ᠎ᠠ ᠂ ᠡᠪᠡᠳᠴᠢᠨ ᠡᠭᠦᠰᠭᠡᠭᠴᠢ ᠶᠢ ᠠᠷᠢᠭᠤᠳᠬᠠᠭᠴᠢ ᠡᠮ ᠢᠶᠠᠷ ᠠᠮᠠᠷᠬᠠᠨ ᠤᠰᠠᠳᠬᠠᠳᠠᠭ ᠃ ᠡᠶᠢᠮᠦ ᠠᠴᠠ ᠵᠢᠩᠬᠢᠨᠢ ᠤᠳᠬ᠎ᠠ ᠠᠭᠤᠯᠭ᠎ᠠ ᠳᠠᠬᠢ ᠠᠷᠢᠭᠤᠳᠬᠠᠬᠤ ᠭᠡᠳᠡᠭ ᠨᠢ ᠵᠥᠪ ᠣᠨᠣᠪᠴᠢᠲᠠᠶ ᠤᠬᠢᠶᠠᠨ ᠴᠡᠪᠡᠷᠯᠡᠬᠦ ᠠᠷᠭ᠎ᠠ ᠪᠠᠷ ᠤᠬᠢᠶᠠᠨ ᠴᠡᠪᠡᠷᠯᠡᠭᠰᠡᠨ ᠤ ᠳᠠᠷᠠᠭ᠎ᠠ ᠂ ᠢᠯᠡᠷᠡᠭᠰᠡᠨ ᠦᠯᠡᠳᠡᠭᠳᠡᠯ ᠡᠪᠡᠳᠴᠢᠨ ᠡᠭᠦᠰᠭᠡᠭᠴᠢ ᠶᠢ ᠮᠠᠰᠢ ᠬᠢᠯᠪᠠᠷᠬᠠᠨ ᠢᠶᠠᠷ ᠤᠰᠠᠳᠬᠠᠵᠤ ᠳᠡᠶᠢᠯᠬᠦ ᠶᠢ ᠵᠢᠭᠠᠵᠤ ᠪᠠᠶᠢᠨ᠎ᠠ ᠃      ᠣᠳᠣᠬᠠᠨ ᠳᠤ ᠂ ᠡᠸᠦ᠋ᠷᠦᠫᠡ ᠶᠢᠨ ᠵᠠᠬ᠎ᠠ ᠳᠡᠯᠭᠡᠭᠦᠷ ᠲᠤ ᠬᠥᠭᠡᠰᠦᠷᠬᠡᠭ ᠤᠭᠢᠶᠠᠨ ᠠᠷᠢᠭᠤᠳᠬᠠᠭᠴᠢ ᠡᠳ᠋ ᠢ ᠨᠡᠩ ᠢᠯᠡᠭᠦᠦ ᠬᠡᠷᠡᠭᠯᠡᠵᠦ ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠬᠠᠷᠢᠨ ᠰᠢᠩᠭᠡᠨ ᠪᠡᠶᠡᠲᠦ ︵ᠴᠢᠩᠭ᠎ᠠ ᠢᠰᠦᠯᠳᠦᠬᠦ ᠴᠢᠨᠠᠷᠲᠠᠢ︶ ᠠᠷᠢᠭᠤᠳᠬᠠᠭᠴᠢ ᠡᠳ᠋ ᠢ ᠨᠡᠩ ᠢᠯᠡᠭᠦᠦ ᠰᠣᠩᠭᠤᠵᠤ ᠪᠣᠢ᠃ ᠬᠥᠭᠡᠰᠦᠷᠬᠡᠭ ᠤᠭᠢᠶᠠᠨ ᠠᠷᠢᠭᠤᠳᠬᠠᠭᠴᠢ ᠡᠳ᠋ ᠤᠨ ᠬᠠᠮᠤᠭ ᠤᠨ ᠰᠢᠭᠤᠳ ᠣᠨᠴᠠᠯᠢᠭ ᠪᠣᠯ ᠳᠠᠷᠤᠢ ᠦᠵᠡᠭᠳᠡᠬᠦ ᠳᠤ ᠣᠷᠣᠰᠢᠨ᠎ᠠ ᠂ ᠠᠵᠢᠯᠯᠠᠬᠤ ᠶᠠᠪᠤᠴᠠ ᠶᠢ ᠲᠣᠳᠣᠷᠬᠠᠢ ᠣᠯᠵᠤ ᠬᠠᠷᠠᠵᠤ ᠂ ᠵᠠᠷᠢᠮ ᠦᠯᠦ ᠣᠨᠣᠭᠳᠠᠬᠤ ᠭᠠᠵᠠᠷ ᠂ ᠥᠨᠴᠥᠭ ᠪᠤᠯᠤᠩ ᠳᠤ ᠣᠷᠬᠢᠭᠳᠠᠬᠤ ᠪᠤᠶᠤ ᠪᠦᠷᠢᠨ ᠪᠤᠰᠤ ᠤᠬᠢᠶᠠᠵᠤ ᠠᠷᠢᠯᠭᠠᠬᠤ ᠠᠰᠠᠭᠤᠳᠠᠯ ᠭᠠᠷᠬᠤ ᠠᠴᠠ ᠵᠠᠶᠢᠯᠠᠰᠬᠢᠵᠦ ᠴᠢᠳᠠᠨ᠎ᠠ ᠃ ᠬᠥᠭᠡᠰᠦᠷᠬᠡᠭ ᠤᠭᠢᠶᠠᠨ ᠠᠷᠢᠭᠤᠳᠬᠠᠭᠴᠢ ᠡᠳ᠋ ᠨᠢ ᠤᠷᠲᠤ ᠬᠤᠭᠤᠴᠠᠭᠠᠨ ᠤ  ᠨᠠᠭᠠᠯᠳᠤᠮᠠᠬᠠᠢ ᠴᠢᠨᠠᠷ᠂ ᠦᠷᠭᠦᠯᠵᠢᠯᠡᠬᠦ ᠴᠢᠨᠠᠷ ᠪᠠ ᠥᠨᠳᠥᠷ ᠠᠰᠢᠭᠲᠤ ᠴᠢᠨᠠᠷ ᠤᠨ ᠤᠬᠢᠶᠠᠨ ᠴᠡᠪᠡᠷᠯᠡᠬᠦ ᠦᠷ᠎ᠡ ᠳ᠋ᠦᠩ ᠢ ᠪᠠᠲᠤᠯᠠᠬᠤ ᠶᠢᠨ ᠬᠠᠮᠲᠤ ᠬᠡᠷᠡᠭᠯᠡᠬᠦ ᠶᠠᠪᠤᠴᠠ ᠳᠤ ᠦᠢᠯᠡᠳᠦᠭᠳᠡᠬᠦ ᠪᠣᠳᠠᠰ ᠤᠨ ᠭᠠᠳᠠᠷᠭᠤ ᠶᠢ ᠡᠪᠳᠡᠬᠦ ᠂ ᠢᠳᠡᠭᠳᠡᠭᠦᠯᠬᠦ᠂ ᠵᠢᠪᠡᠷᠡᠭᠦᠯᠬᠦ᠂ ᠥᠩᠭᠡ ᠶᠢ ᠨᠢ ᠤᠨ᠋ᠭᠠᠬᠠᠤ ᠵᠡᠷᠭᠡ ᠠᠰᠠᠭᠤᠳᠠᠯ ᠭᠠᠷᠬᠤ ᠦᠭᠡᠢ ᠪᠠᠶᠢᠳᠠᠭ ᠶᠤᠮ ᠃      ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠳᠠᠭᠠᠯᠳᠤᠨ ᠂ ᠬᠠᠷᠠᠭ᠎ᠠ ᠪᠠᠨ ᠥᠷᠭᠡᠳᠬᠡᠵᠦ ᠂ ᠨᠡᠩ ᠰᠢᠨᠵᠢᠯᠡᠬᠦ ᠤᠬᠠᠭᠠᠨᠴᠢ ᠪᠠᠷ ᠤᠬᠢᠶᠠᠨ ᠠᠷᠢᠭᠤᠳᠬᠠᠬᠤ ᠡᠳ᠋ ᠢ ᠰᠣᠩᠭᠤᠵᠤ ᠂ ᠬᠠᠮᠤᠭ ᠤᠨ ᠰᠠᠶᠢᠨ ᠠᠷᠢᠭᠤᠳᠬᠠᠬᠤ ᠦᠷ᠎ᠡ ᠳ᠋ᠦᠩ ᠳᠤ ᠬᠦᠷᠭᠡᠵᠦ ᠂ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠪᠠᠲᠤᠯᠠᠬᠤ ᠬᠡᠷᠡᠭᠲᠡᠢ ᠃ᠮᠡᠳᠡᠭᠡ ᠵᠠᠩᠭᠢ ᠶᠢᠨ ᠢᠷᠡᠯᠲᠡ᠄ ᠸᠠᠩ ᠰᠢᠶᠣᠣ ᠹᠧᠩ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号