2022 ᠣᠨ ᠤ 8 ᠰᠠᠷ᠎ᠠ ᠶᠢᠨ 3 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠪᠥᠬᠦ ᠣᠷᠣᠨ ᠤ | ᠲᠠᠷᠢᠮᠠᠯ ᠤᠨ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠢ ᠰᠡᠳᠦᠪᠲᠦ ᠸᠢᠳᠢᠤ᠋ ᠶᠢᠨ | ᠪᠣᠯᠪᠠᠰᠤᠷᠠᠭᠤᠯᠤᠯ ᠡᠷᠬᠢᠯᠡᠪᠡ᠃ ᠪᠣᠯᠪᠠᠰᠤᠷᠠᠭᠤᠯᠤᠯ ᠢ ᠶᠡᠷᠦᠩᠬᠡᠢ ᠲᠠᠷᠢᠶᠠᠯᠠᠩ ᠤᠨ ᠮᠡᠷᠭᠡᠵᠢᠯᠲᠡᠨ ᠯᠢᠦ ᠶᠦᠩ ᠮᠢᠩ | ᠡᠷᠬᠢᠯᠡᠵᠦ᠂ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠬᠠᠤᠯᠢ ᠲᠣᠭᠲᠠᠭᠠᠯ ᠤᠨ ᠭᠠᠵᠠᠷ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ | ᠲᠥᠪ ᠤᠨ ᠦᠷ᠎ᠡ ᠶᠢᠨ ᠦᠢᠯᠡᠰ ᠤᠨ ᠬᠦᠭᠵᠢᠭᠦᠯᠦᠯᠲᠡ ᠶᠢᠨ ᠭᠠᠵᠠᠷ᠂ ᠦᠷ᠎ᠡ ᠶᠢᠨ ᠨᠡᠶᠢᠭᠡᠮᠯᠢᠭ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠪᠣᠯᠪᠠᠰᠤᠷᠠᠭᠤᠯᠤᠯ ᠳᠤ ᠣᠷᠣᠯᠴᠠᠪᠠ᠃ ᠸᠢᠳᠢᠤ᠋ ᠶᠢᠨ ᠪᠣᠯᠪᠠᠰᠤᠷᠠᠭᠤᠯᠤᠯ ᠤᠨ ᠭᠤᠣᠯ ᠬᠤᠷᠠᠯ ᠤᠨ | ᠲᠠᠯᠠᠪᠠᠶ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠤᠨ ᠤ ᠲᠢᠩᠬᠢᠮ ᠳᠤ ᠪᠠᠶᠢᠷᠢᠯᠠᠭᠤᠯᠵᠤ᠂ 12 ᠠᠶᠢᠮᠠᠭ ᠬᠤᠲᠠ ᠳᠤ ᠬᠤᠪᠢᠶᠠᠷᠢ ᠪᠣᠯᠪᠠᠰᠤᠷᠠᠭᠤᠯᠤᠯ ᠤᠨ ᠲᠠᠯᠠᠪᠠᠶ | ᠭᠠᠷᠭᠠᠵᠤ᠂ 230 ᠭᠠᠷᠤᠢ ᠬᠥᠮᠥᠨ ᠰᠦᠯᠵᠢᠶᠡᠨ ᠳᠡᠭᠡᠷ᠎ᠡ ᠪᠣᠯᠪᠠᠰᠤᠷᠠᠭᠤᠯᠤᠯ ᠳᠤ ᠣᠷᠤᠯᠴᠠᠪᠠ᠃ | | | | ᠲᠣᠰ ᠤᠳᠠᠭᠠᠨ ᠤ ᠪᠣᠯᠪᠠᠰᠤᠷᠠᠭᠤᠯᠤᠯ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠦᠷ᠎ᠡ ᠶᠢᠨ | ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ | ᠳᠠᠷᠤᠭ᠎ᠠ ᠾᠧ ᠴᠢᠩ ᠰᠢᠤᠸᠠᠢ ᠶᠢ ᠲᠤᠰᠬᠠᠶᠢᠯᠠᠨ ᠤᠷᠢᠵᠤ ᠰᠦᠯᠵᠢᠶᠡᠨ ᠳᠡᠭᠡᠷ᠎ᠡ ᠬᠢᠴᠢᠶᠡᠯ ᠣᠷᠣᠭᠤᠯᠪᠠ᠃ | ᠪᠣᠯᠪᠠᠰᠤᠷᠠᠭᠤᠯᠤᠯ ᠤᠨ ᠠᠩᠭᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠶᠢᠨ ᠲᠠᠷᠢᠮᠠᠯ ᠤᠨ ᠦᠢᠯᠡᠰ ᠤᠨ | ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠢᠰᠲ᠋ᠧᠮ ᠲᠠᠢ ᠰᠤᠷᠤᠯᠴᠠᠵᠤ᠂ | ᠦᠷ᠎ᠡ ᠶᠢᠨ ᠦᠢᠯᠡᠰ ᠤᠨ ᠬᠥᠭᠵᠢᠯᠲᠡ ᠶᠢᠨ ᠶᠠᠪᠤᠴᠠ ᠪᠣᠯᠣᠨ ᠦᠷ᠎ᠡ ᠶᠢᠨ ᠦᠢᠯᠡᠰ ᠤᠨ ᠴᠢᠬᠤᠯᠠ ᠶᠡᠭᠡ ᠲᠦᠷᠦ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠡᠮᠬᠢᠯᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠦᠷ᠎ᠡ ᠶᠢᠨ ᠬᠠᠤᠯᠢ︾ | ᠵᠢᠴᠢ ᠢᠵᠢ ᠪᠦᠷᠢᠳᠦᠭᠰᠡᠨ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠦᠷ᠎ᠡ ᠶᠢᠨ ᠦᠢᠯᠡᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠵᠡᠷᠭᠡ ᠠᠭᠤᠯᠭ᠎ᠠ ᠳᠤ ᠭᠦᠨᠵᠡᠭᠡᠢ ᠪᠥᠭᠡᠳ | ᠣᠶᠢᠯᠠᠭᠠᠮᠵᠢᠲᠠᠢ ᠲᠠᠶᠢᠯᠤᠮᠵᠢ ᠬᠢᠵᠦ᠂ ᠮᠠᠨ ᠤ ᠣᠷᠣᠨ ᠤ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠪᠣᠯᠪᠠ᠃ | | | | ᠪᠣᠯᠪᠠᠰᠤᠷᠠᠭᠤᠯᠤᠯ ᠤᠨ ᠡᠴᠦᠰ ᠲᠤ᠂ ᠲᠠᠷᠢᠶᠠᠯᠠᠩ ᠤᠨ ᠶᠡᠷᠦᠩᠬᠡᠢ ᠮᠡᠷᠭᠡᠵᠢᠯᠲᠡᠨ ᠯᠢᠦ ᠶᠦᠩ ᠮᠢᠩ ᠪᠦᠬᠦ | ᠣᠷᠣᠨ ᠤ ᠲᠠᠷᠢᠮᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠲᠣᠳᠣᠷᠬᠠᠢ ᠱᠠᠭᠠᠷᠳᠠᠯᠭ᠎ᠠ | ᠳᠤᠷᠠᠳᠴᠤ᠂ ᠡᠯ᠎ᠡ ᠱᠠᠲᠤᠨ ᠤ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠨ | ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠷ᠎ᠡ ᠭᠡᠬᠦ ᠡᠨᠡ ᠬᠦ ︽ᠠᠮᠢᠨ ᠭᠠᠵᠠᠷ︾ ᠤᠨ ᠠᠵᠢᠯ ᠢ ᠦᠨᠡᠨ | ᠬᠦ ᠰᠠᠶᠢᠲᠤᠷ ᠠᠳᠬᠤᠵᠤ᠂ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ | ᠪᠣᠯᠣᠨ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠵᠦ᠂ ᠦᠷ᠎ᠡ ᠶᠢᠨ ᠦᠢᠯᠡᠰ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠣᠯᠣᠨ ᠪᠡᠯᠡ ᠮᠥᠩᠭᠦ ᠰᠠᠯᠭᠠᠨ ᠥᠭᠬᠦ ᠡᠷᠴᠢᠮ ᠢᠶᠠᠨ ᠦᠨᠡᠨ ᠬᠦ ᠲᠦᠷᠭᠡᠳᠬᠡᠵᠦ᠂ ᠮᠠᠨ ᠤ ᠣᠷᠣᠨ ᠤ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ | ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ |