ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠵᠡᠭᠦᠯᠭᠡ ᠶᠢᠨ ᠴᠤᠭᠯᠠᠭᠠᠨ ᠪᠤᠯᠪᠠ
ᠨᠡᠶᠢᠲᠡᠯᠡᠭᠰᠡᠨ ᠴᠠᠭ᠄
2022/8/4
      2022 ᠣᠨ ᠤ 7 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠵᠡᠭᠦᠯᠭᠡ ᠶᠢᠨ ᠴᠤᠭᠯᠠᠭᠠᠨ ᠥᠪᠥᠷ ᠮᠣᠩᠭᠤᠯ ᠤᠨ ᠦᠵᠡᠭᠦᠯᠭᠡ ᠶᠢᠨ ᠲᠥᠪ ᠲᠤ ᠦᠪᠡᠳᠡᠭᠰᠢ ᠶᠡᠭᠡ ᠪᠠᠷ ᠶᠠᠪᠤᠬᠳᠠᠪᠠ ᠃ ᠲᠤᠰ ᠤᠳᠠᠭ᠎ᠠ ᠶᠢᠨ ᠦᠵᠡᠭᠦᠯᠭᠡ ᠳᠤ ᠣᠷᠣᠯᠴᠠᠭᠰᠠᠨ ᠦᠢᠯᠡᠳᠪᠦᠷᠢ ᠪᠣᠯᠣᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ 130 ᠭᠠᠷᠤᠢ ᠪᠠᠶᠢᠵᠤ ᠂ ᠡᠯ᠎ᠡ ᠲᠦᠷᠦᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠮᠢᠩᠭ᠎ᠠ ᠰᠢᠬᠠᠮ ᠳᠡᠯᠭᠡᠨ ᠦᠵᠡᠭᠦᠯᠵᠦ ᠂ ᠮᠠᠰᠢᠨ ᠤ ᠲᠦᠷᠦᠯ ᠵᠦᠢᠯ ᠳᠤ ᠲᠠᠷᠢᠶᠠᠯᠠᠵᠤ ᠭᠠᠵᠠᠷ ᠲᠡᠭᠰᠢᠯᠡᠬᠦ ᠮᠠᠰᠢᠨ ᠂ ᠦᠷ᠎ᠡ ᠰᠠᠴᠤᠬᠤ ᠮᠠᠰᠢᠨ ᠂ ᠪᠣᠷᠳᠣᠭᠤᠷ ᠣᠷᠣᠭᠤᠯᠬᠤ ᠮᠠᠰᠢᠨ ᠂ ᠲᠠᠷᠢᠶᠠᠯᠠᠵᠤ ᠡᠪᠡᠰᠦ ᠠᠷᠢᠯᠭᠠᠬᠤ ᠵᠡᠷᠭᠡ ᠤᠷᠭᠤᠮᠠᠯ ᠢ ᠬᠠᠮᠠᠭᠠᠯᠠᠬᠤ ᠮᠠᠰᠢᠨ ᠂ ᠦᠷ᠎ᠡ ᠬᠤᠷᠢᠶᠠᠬᠤ ᠮᠠᠰᠢᠨ ᠂ ᠡᠪᠡᠰᠦ ᠪᠣᠷᠳᠤᠭ᠎ᠠ ᠪᠣᠯᠪᠠᠰᠤᠷᠠᠭᠤᠯᠬᠤ ᠵᠢᠴᠢ ᠲᠡᠵᠢᠭᠡᠬᠦ ᠮᠠᠰᠢᠨ ᠵᠡᠷᠭᠡ ᠪᠠᠶᠢᠵᠤ ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠯ᠎ᠡ ᠭᠤᠬᠴᠤᠭ᠎ᠠ ᠶᠢ ᠬᠠᠮᠤᠷᠪᠠ᠃ ᠢᠯᠠᠩᠭᠤᠶ᠎ᠠ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠠᠢ ᠰᠣᠯᠢᠪᠴᠡᠯ ᠲᠠᠷᠢᠶᠠᠯᠠᠭ᠎ᠠ ᠶᠢᠨ ᠲᠠᠷᠢᠬᠤ ᠂ ᠪᠣᠷᠳᠣᠭᠤᠷ ᠣᠷᠣᠭᠤᠯᠬᠤ᠂  ᠲᠠᠷᠢᠶ᠎ᠠ ᠲᠠᠩᠨᠠᠬᠤ ᠤᠷᠭᠤᠮᠠᠯ ᠤᠨ ᠬᠠᠮᠠᠭᠠᠯᠠᠯᠲᠠ ᠳᠤ ᠲᠤᠰᠬᠠᠢ ᠦᠵᠡᠭᠦᠯᠭᠡ ᠶᠢᠨ ᠪᠠᠶᠢᠷᠢ ᠭᠠᠷᠭᠠᠵᠤ᠂ ᠮᠠᠰᠢ ᠣᠯᠠᠨ ᠲᠠᠷᠢᠶᠠᠯᠠᠩ ᠤᠨ ᠮᠠᠰᠢᠨ ᠤ ᠠᠵᠢᠯᠲᠠᠳ ᠤᠨ ᠠᠩᠬᠠᠷᠤᠯ ᠢ ᠲᠠᠲᠠᠪᠠ ᠃ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠲᠠᠷᠢᠶᠠᠯᠠᠩ ᠤᠨ ᠮᠠᠰᠢᠨ ᠤ ᠰᠠᠯᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠡᠯ᠎ᠡ ᠬᠤᠰᠢᠭᠤᠨ ᠤ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ ᠤᠨ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠲᠤᠰ ᠤᠳᠠᠭᠠᠨ ᠤ ᠦᠵᠡᠭᠦᠯᠭᠡ ᠳᠤ ᠣᠷᠣᠯᠴᠠᠪᠠ᠃ ᠲᠤᠬᠠᠢ ᠶᠢᠨ ᠲᠠᠯᠠᠪᠤᠷ ᠤᠨ ᠦᠵᠡᠭᠦᠯᠭᠡ ᠳᠤ ᠣᠷᠣᠯᠴᠠᠭᠰᠠᠨ ᠬᠤᠳᠠᠯᠳᠤᠭᠠᠴᠢᠳ ᠲᠠᠢ ᠶᠠᠷᠢᠯᠴᠠᠨ ᠨᠡᠪᠲᠡᠷᠡᠯᠴᠡᠵᠦ ᠂ ᠮᠠᠰᠢᠨ ᠪᠠᠭᠠᠵᠢ ᠶᠢᠨ ᠵᠢᠷᠤᠭ ᠲᠥᠯᠥᠪᠯᠡᠭᠡ ᠪᠠ ᠦᠢᠯᠡᠳᠪᠦᠷᠢᠯᠡᠯ ᠤᠨ ᠲᠠᠯ᠎ᠠ ᠶᠢᠨ ᠬᠤᠯᠪᠣᠭᠳᠠᠯ ᠪᠦᠬᠦᠢ ᠠᠰᠠᠭᠤᠳᠠᠯ ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠂ ᠭᠠᠵᠠᠷ ᠣᠷᠣᠨ ᠤ ᠬᠡᠷᠡᠭᠯᠡᠭᠡᠨ ᠤ ᠴᠢᠨᠠᠷ ᠂ ᠠᠵᠢᠯᠯᠠᠬᠤ ᠦᠶ᠎ᠡ ᠳᠤ ᠠᠮᠠᠷᠬᠠᠨ ᠭᠠᠷᠬᠤ ᠠᠰᠠᠭᠤᠳᠠᠯ ᠪᠠ ᠰᠢᠢᠳᠪᠦᠷᠢᠯᠡᠬᠦ ᠲᠥᠰᠥᠯ ᠂ ᠲᠠᠷᠠᠭᠠᠴᠢ ᠶᠢᠨ ᠠᠯᠬᠤᠮ ᠤᠨ ᠦᠢᠯᠡᠳᠪᠦᠷᠢᠯᠡᠯ ᠪᠠᠷᠠᠭ᠎ᠠ ᠬᠠᠩᠭᠠᠯᠭ᠎ᠠ ᠶᠢᠨ ᠪᠠᠶᠢᠳᠠᠯ ᠂ ᠮᠡᠷᠭᠡᠵᠢᠯ ᠤᠨ ᠦᠢᠯᠡᠴᠢᠯᠡᠭᠡ ᠂ ᠮᠡᠷᠭᠡᠵᠢᠯ ᠤᠨ ᠵᠢᠯᠣᠭᠤᠳᠤᠯᠭ᠎ᠠ ᠵᠡᠷᠭᠡ ᠡᠯ᠎ᠡ ᠲᠠᠯ᠎ᠠ ᠶᠢᠨ ᠪᠠᠶᠢᠳᠠᠯ ᠢ ᠰᠣᠯᠢᠯᠴᠠᠵᠤ ᠂ ᠲᠠᠷᠠᠭᠠᠴᠢ ᠶᠢᠨ ᠱᠠᠲᠤᠨ ᠤ ᠠᠵᠢᠯ ᠳᠤ ᠰᠠᠶᠢᠲᠤᠷ ᠪᠡᠯᠡᠳᠬᠡᠯ ᠬᠢᠪᠡ᠃ 
图片1.png 
图片2.png 
 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号