ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠦᠷᠤ ᠶᠢᠨ ᠪᠤᠳᠤᠯᠭ᠎ᠠ ᠶᠢᠨ ᠥᠭᠡᠷᠡᠴᠢᠯᠡᠯᠲᠡ ᠶᠢᠨ ᠵᠤᠷᠭᠠᠨ ᠬᠥᠯᠥᠨ ᠪᠤᠶᠢᠷ ᠬᠤᠲᠠ ᠳᠤ ᠬᠦᠷᠴᠦ ᠰᠢᠷ᠎ᠠ ᠪᠤᠷᠴᠠᠭ ᠳᠠᠷᠢᠬᠤ ᠲᠥᠷᠥ ᠶᠢᠨ ᠪᠣᠳᠣᠯᠭ᠎ᠠ ᠶᠢ ᠦᠷᠭᠡᠳᠬᠡᠨ ᠳᠤᠭᠳᠠᠭᠠᠬᠤ ᠪᠠ ᠥᠭᠡᠷᠡᠴᠢᠯᠡᠯᠲᠡ ᠬᠢᠬᠦ ᠠᠷᠭ᠎ᠠ ᠬᠡᠮᠵᠢᠶ᠎ᠡ ᠶᠢᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/5
      7 ᠰᠠᠷ᠎ᠠ ᠶᠢᠨ 10 ᠤ ᠡᠳᠦᠷ ᠠᠴᠠ 14 ᠤ ᠡᠳᠦᠷ ᠪᠣᠯᠲᠠᠯ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠶᠢᠨ ᠵᠤᠷᠭᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠤᠨ ᠳᠠᠷᠤᠭ᠎ᠠ ᠸᠠᠩ ᠮᠣᠣ ᠯᠢᠨ ᠵᠡᠷᠭᠡ 4 ᠬᠥᠮᠥᠨ ᠮᠠᠨ ᠤ ᠣᠷᠣᠨ ᠤ ᠰᠢᠷ᠎ᠠ ᠪᠤᠷᠴᠠᠭ ᠳᠠᠷᠢᠬᠤ ᠲᠥᠷᠥ ᠶᠢᠨ ᠪᠣᠳᠣᠯᠭ᠎ᠠ ᠶᠢᠨ ᠰᠢᠨ᠎ᠡ ᠡᠭᠦᠳᠦᠯᠲᠡ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠥᠯᠥᠨ ᠪᠤᠶᠢᠷ ᠬᠤᠲᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ ᠪᠣᠯᠣᠨ ᠠᠷᠤᠨ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤ  ᠨᠢ ᠪᠠᠶᠢᠴᠠᠭᠠᠨ ᠰᠤᠳᠤᠯᠤᠯᠲᠠ ᠬᠢᠪᠡ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠣᠣ ᠢᠦᠢ ᠹᠧᠩ᠂ ᠲᠦᠷᠤ ᠶᠢᠨ ᠪᠤᠳᠤᠯᠭ᠎ᠠ ᠶᠢᠨ ᠥᠭᠡᠷᠡᠴᠢᠯᠡᠯᠲᠡ ᠶᠢᠨ ᠭᠠᠵᠠᠷ ᠤᠨ ᠳᠡᠳ᠋ ᠳᠠᠷᠤᠭ᠎ᠠ ᠶᠠᠩ ᠶᠦᠩ ᠱᠧᠩ᠂ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠭᠡᠳᠦ ᠲᠠᠰ ᠤᠨ ᠲᠠᠷᠢᠶᠠᠯᠠᠩ ᠤᠨ ᠮᠡᠷᠭᠡᠵᠢᠯᠲᠡᠨ ᠭᠤᠸ ᠵᠢᠶᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃

1.png

 

      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤ  ᠨᠢ ᠬᠦᠷᠴᠦ ᠰᠤᠷᠪᠤᠯᠵᠢᠯᠠᠬᠤ ᠪᠠ

ᠶᠠᠷᠢᠯᠴᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠨ ᠭᠠᠵᠠᠷ ᠲᠤ

ᠭᠦᠨᠵᠡᠭᠡᠶᠢᠷᠡᠨ ᠰᠢᠷ᠎ᠠ ᠪᠤᠷᠴᠠᠭ ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ ᠰᠣᠯᠢᠪᠴᠠᠯ

ᠲᠠᠷᠢᠶᠠᠯᠠᠭ᠎ᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ 2

ᠬᠤᠰᠢᠭᠤ ᠰᠢᠶᠠᠨ ᠤ 5 ᠬᠤᠷᠰᠢᠶ᠎ᠠ ᠂ 2 ᠰᠢᠷ᠎ᠠ ᠪᠤᠷᠴᠠᠭ ᠪᠣᠯᠪᠠᠰᠤᠷᠠᠭᠤᠯᠬᠤ ᠠᠵᠤ ᠠᠬᠤᠶᠢᠯᠠᠯ ᠂ 1 ᠰᠢᠷ᠎ᠠ

ᠪᠤᠷᠴᠠᠭ ᠤᠨ ᠠᠷᠠᠯᠵᠢᠶᠠᠨ ᠤ ᠺᠣᠮᠫᠠᠨᠢ ᠶᠢ ᠰᠤᠷᠪᠤᠯᠵᠢᠯᠠᠪᠠ ᠃ ᠰᠢᠶᠠᠩ ᠪᠠᠯᠭᠠᠰᠤᠨ ᠤ ᠤᠳᠤᠷᠢᠳᠤᠯᠭ᠎ᠠ᠂ ᠲᠣᠰᠬᠤᠨ ᠤ

ᠺᠠᠳ᠋ᠷ᠂ ᠬᠤᠷᠰᠢᠶ᠎ᠠ ᠪᠣᠯᠣᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠲᠥᠯᠥᠭᠡᠯᠡᠭᠴᠢᠳ ᠢ ᠵᠣᠬᠢᠶᠠᠨ

ᠪᠠᠶᠢᠭᠤᠯᠤᠨ 2 ᠤᠳᠠᠭ᠎ᠠ ᠶᠠᠷᠢᠯᠴᠠᠬᠤ ᠬᠤᠷᠠᠯ ᠬᠢᠵᠡᠢ ᠃ ᠶᠠᠷᠢᠯᠴᠠᠬᠤ ᠬᠤᠷᠠᠯ ᠳᠡᠭᠡᠷ᠎ᠡ ᠦᠨᠳᠦᠰᠦᠨ ᠱᠠᠲᠤᠨ ᠤ

ᠤᠳᠤᠷᠢᠳᠬᠤ ᠺᠠᠳ᠋ᠷᠴᠤᠳ ᠢᠯᠡᠷᠬᠡᠶᠢᠯᠡᠬᠦ ᠳᠤ ᠪᠠᠨ ᠂ ᠲᠠᠷᠢᠮᠠᠯ ᠤᠨ ᠡᠷᠦᠬᠡ ᠨᠢ ᠦᠢᠯᠡᠳᠪᠦᠷᠢᠯᠡᠭᠴᠢᠳ ᠲᠤ

ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠮᠠᠰᠢ ᠴᠢᠬᠤᠯᠠᠴᠢᠯᠠᠳᠠᠭ᠂ ᠡᠨᠡ ᠵᠢᠯ ᠲᠣᠰ ᠲᠥᠷᠥ ᠶᠢᠨ

ᠪᠣᠳᠣᠯᠭ᠎ᠠ ᠶᠢ ᠡᠷᠲᠡ ᠲᠣᠭᠲᠠᠭᠠᠭᠰᠠᠨ ᠪᠥᠭᠡᠳ ᠲᠠᠷᠢᠶᠠᠴᠢᠨ ᠡᠷᠦᠬᠡ ᠶᠢᠨ ᠳᠠᠷᠢᠬᠤ ᠬᠦᠰᠡᠯ ᠨᠢ ᠴᠦ ᠥᠩᠭᠡᠷᠡᠭᠰᠡᠨ

ᠵᠢᠯ ᠤᠳ ᠠᠴᠠ ᠢᠯᠡᠳᠲᠡ ᠶᠡᠭᠡ ᠪᠠᠶᠢᠨ᠎ᠠ᠂ ᠡᠭᠦᠨ ᠠᠴᠠ ᠦᠵᠡᠬᠦ ᠳᠤ ᠲᠥᠷᠥ ᠶᠢᠨ ᠪᠣᠳᠣᠯᠭ᠎ᠠ ᠨᠢ ᠰᠢᠨ᠎ᠡ ᠪᠡᠶᠡᠴᠢ

ᠴᠣᠭᠴᠠ ᠶᠢᠨ ᠰᠢᠷ᠎ᠠ ᠪᠤᠷᠴᠠᠭ ᠳᠠᠷᠢᠬᠤ ᠬᠦᠰᠡᠯ ᠰᠠᠨᠠᠭ᠎ᠠ ᠶᠢ ᠳᠠᠶᠢᠴᠢᠯᠠᠬᠤ ᠲᠠᠯ᠎ᠠ ᠪᠠᠷ ᠴᠢᠬᠤᠯᠠ ᠦᠢᠯᠡᠳᠦᠯ

ᠪᠠᠳᠠᠷᠠᠭᠤᠯᠤᠭᠰᠠᠨ ᠪᠠᠶᠢᠨ᠎ᠠ ᠭᠡᠵᠡᠢ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ  ᠨᠢ ᠶᠠᠷᠢᠯᠴᠠᠬᠤ

ᠶᠠᠪᠤᠴᠠ ᠳᠤ ᠡᠨᠡ ᠵᠢᠯ ᠤᠨ ᠭᠠᠵᠠᠷ ᠤᠨ ᠲᠦᠷᠢᠶᠡᠰᠦ ᠪᠣᠯᠣᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ

ᠥᠰᠦᠭᠰᠡᠨ ᠠᠴᠠ ᠪᠣᠯᠵᠤ ᠲᠠᠷᠢᠮᠠᠯ ᠤᠨ ᠠᠰᠢᠭ ᠣᠷᠣᠯᠭ᠎ᠠ ᠶᠢᠨ ᠲᠤᠬᠠᠢ ᠰᠠᠨᠠᠭᠠᠰᠢᠷᠠᠯ ᠢᠶᠠᠨ ᠢᠯᠡᠳᠬᠡᠭᠰᠡᠨ ᠪᠥᠭᠡᠳ

ᠡᠭᠡᠯᠵᠢᠯᠡᠨ ᠳᠠᠷᠢᠬᠤ ᠲᠦᠷᠦᠯ ᠵᠦᠢᠯ ᠪᠣᠯᠣᠨ ᠰᠢᠷ᠎ᠠ ᠪᠤᠷᠴᠠᠭ ᠤᠨ ᠪᠦᠷᠢᠨ ᠥᠪᠡᠷ ᠤᠨ ᠥᠷᠲᠡᠭ ᠤᠨ

ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠭᠲᠤᠵᠤ ᠪᠠᠶᠢᠬᠤ ᠪᠠᠨ ᠢᠯᠡᠳᠬᠡᠭᠰᠡᠨ ᠪᠠᠶᠢᠨ᠎ᠠ᠃

2.png

 

3.png

      ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠣᠯ ᠡᠨᠡ ᠵᠢᠯ ᠤᠨ ᠮᠠᠨ ᠤ ᠣᠷᠣᠨ ᠤ ᠰᠢᠷ᠎ᠠ ᠪᠤᠷᠴᠠᠭ

ᠳᠠᠷᠢᠬᠤ ᠶᠢ ᠲᠥᠷᠥ ᠶᠢᠨ ᠪᠣᠳᠣᠯᠭ᠎ᠠ  ᠶᠢ ᠦᠷᠭᠡᠳᠬᠡᠨ ᠳᠤᠭᠳᠠᠭᠠᠭᠰᠠᠨ ᠪᠠ ᠬᠡᠷᠡᠭᠵᠢᠭᠦᠯᠦᠭᠰᠡᠨ ᠦᠷ᠎ᠡ

ᠪᠦᠲᠦᠮᠵᠢ ᠶᠢᠨ ᠲᠤᠬᠠᠢ ᠨᠢᠭᠡ ᠤᠳᠠᠭᠠᠨ ᠤ ᠪᠠᠶᠢᠳᠠᠯ ᠢ ᠣᠶᠢᠯᠠᠭᠠᠭᠰᠠᠨ ᠶᠠᠪᠤᠳᠠᠯ ᠪᠣᠯᠣᠨ᠎ᠠ᠂ ᠡᠭᠦᠨ ᠤ ᠬᠠᠮᠲᠤ ᠪᠠᠰᠠ

ᠢᠷᠡᠬᠦ ᠵᠢᠯ ᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠳᠠᠷᠢᠬᠤ ᠲᠥᠷᠥ ᠶᠢᠨ ᠪᠣᠳᠣᠯᠭ᠎ᠠ  ᠶᠢ 

ᠦᠷᠭᠡᠳᠬᠡᠨ ᠳᠤᠭᠳᠠᠭᠠᠬᠤ ᠪᠠ ᠥᠭᠡᠷᠡᠴᠢᠯᠡᠯᠲᠡ ᠬᠢᠬᠦ ᠳᠤ ᠴᠢᠬᠤᠯᠠ ᠯᠠᠪᠯᠠᠯᠲᠠ ᠬᠠᠩᠭᠠᠭᠰᠠᠨ ᠪᠠᠶᠢᠨ᠎ᠠ᠃ 

ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠠᠵᠢᠯᠯᠠᠬᠤ ᠳᠤᠭᠤᠶᠢᠯᠠᠩ ᠤᠨ ᠬᠢᠨ ᠪᠠᠶᠢᠴᠠᠭᠠᠨ

ᠰᠤᠳᠤᠯᠤᠯᠲᠠ ᠬᠢᠬᠦ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ᠂ ᠦᠨᠳᠦᠰᠦᠨ ᠱᠠᠲᠤᠨ ᠤ ᠺᠠᠳ᠋ᠷ ᠪᠠ ᠰᠢᠨ᠎ᠡ

ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠶᠢ ᠡᠮᠬᠢᠯᠡᠨ

ᠳᠢᠭᠯᠡᠵᠦ᠂ ᠠᠯᠪᠠᠨ ᠶᠣᠰᠣᠨ ᠤ ᠮᠡᠳᠡᠭᠦᠯᠦᠯᠲᠡ  ᠶᠢᠨ ᠭᠡᠯᠪᠡᠷᠢ ᠪᠠᠷ ᠲᠢᠩᠬᠢᠮ ᠤᠨ ᠤᠳᠤᠷᠢᠳᠤᠯᠭ᠎ᠠ ᠪᠠ ᠲᠠᠷᠢᠶᠠᠯᠠᠩ

ᠬᠥᠳᠡᠭᠡ ᠲᠣᠰᠬᠤᠨ ᠤ ᠶᠠᠮᠤᠨ ᠳᠤ ᠲᠡᠭᠡᠭᠰᠢ ᠮᠡᠳᠡᠭᠦᠯᠦᠭᠰᠡᠨ ᠪᠠᠶᠢᠨ᠎ᠠ᠃

 

 

 

 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号