2022 ᠣᠨ ᠤ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠮᠡᠷᠭᠡᠵᠢᠯ ᠤᠨ ᠵᠢᠭᠠᠨ ᠵᠢᠯᠤᠭᠤᠳᠬᠤ ᠪᠣᠯᠪᠠᠰᠤᠷᠠᠭᠤᠯᠤᠯ ᠤᠨ ᠠᠩᠭᠢ ᠶᠢ ᠪᠠᠶᠠᠨᠨᠠᠭᠤᠷ ᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2022/8/8
      ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠤᠨ ᠂ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠᠬᠢ ᠮᠡᠷᠭᠡᠵᠢᠯ ᠤᠨ ᠠᠷᠭ᠎ᠠ ᠪᠣᠯᠣᠨ ᠠᠵᠢᠯ ᠤᠨ ᠲᠤᠷᠰᠢᠯᠭ᠎ᠠ ᠶᠢ ᠰᠤᠷᠤᠯᠴᠠᠨ ᠰᠣᠯᠢᠯᠴᠠᠬᠤ ᠪᠠ ᠳᠡᠯᠭᠡᠷᠡᠭᠦᠯᠵᠤ᠂ 2022 ᠣᠨ ᠤ ᠬᠠᠷᠠᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠤᠰᠠᠳᠠ ᠂ 8 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠭᠤᠣᠯᠯᠠᠨ ᠡᠷᠭᠢᠯᠡᠵᠦ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠭᠦᠯᠦᠯᠲᠡ ᠶᠢᠨ ᠲᠥᠪ ᠠᠴᠠ ᠳᠠᠭᠠᠭᠠᠨ ᠡᠷᠭᠢᠯᠡᠭᠰᠡᠨ 2022 ᠣᠨ ᠤ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠮᠡᠷᠭᠡᠵᠢᠯ ᠤᠨ ᠵᠢᠭᠠᠨ ᠵᠢᠯᠤᠭᠤᠳᠬᠤ  ᠪᠣᠯᠪᠠᠰᠤᠷᠠᠭᠤᠯᠤᠯ ᠤᠨ ᠠᠩᠭᠢ  ᠶᠢ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠲᠤ ᠡᠷᠬᠢᠯᠡᠪᠡ ᠃      ᠪᠣᠯᠪᠠᠰᠤᠷᠠᠭᠤᠯᠤᠯ ᠤᠨ ᠠᠩᠭᠢ ᠨᠢ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠦ ᠲᠠᠨᠢᠯᠴᠠᠭᠤᠯᠬᠤ ᠂ ᠨᠡᠶᠢᠲᠡᠯᠢᠭ ᠲᠤᠷᠰᠢᠯᠭ᠎ᠠ ᠪᠠᠨ ᠰᠣᠯᠢᠯᠴᠠᠬᠤ ᠪᠠ  ᠲᠦᠪᠯᠡᠷᠡᠬᠦᠯᠦᠨ ᠰᠤᠷᠤᠯᠴᠠᠬᠤ ᠠᠷᠭ᠎ᠠ ᠶᠢ ᠬᠡᠷᠡᠭᠯᠡᠪᠡ᠃ ᠯᠢᠨ ᠾᠧ ᠲᠣᠭᠤᠷᠢᠭ᠂ ᠦᠶᠤᠸᠠᠨ ᠰᠢᠶᠠᠨ᠂ ᠤᠷᠠᠳ ᠤᠨ ᠬᠤᠶᠢᠲᠤ ᠬᠤᠰᠢᠭᠤ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ 9 ᠵᠢᠱᠢᠶ᠎ᠡ ᠦᠵᠡᠭᠦᠯᠬᠦ ᠲᠣᠭᠤᠷᠢᠭ ᠤᠨ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠵᠦ᠂ ᠵᠢᠱᠢᠶ᠎ᠡ ᠦᠵᠡᠭᠦᠯᠬᠦ ᠣᠷᠣᠨ ᠨᠢᠭᠡᠪᠦᠷᠢ ᠨᠢ ᠴᠥᠮ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠲᠣᠭᠤᠷᠢᠨ ᠳᠤ ᠮᠡᠷᠭᠡᠵᠢᠯ ᠤᠨ ᠰᠢᠨ᠎ᠡ ᠶᠢ ᠡᠭᠦᠳᠬᠦ᠂ ᠪᠡᠷᠬᠡ ᠰᠡᠳᠦᠪ ᠢ ᠰᠢᠢᠳᠪᠦᠷᠢᠯᠡᠬᠦ ᠪᠠ ᠮᠡᠷᠭᠡᠵᠢᠯ ᠢ ᠲᠥᠪᠯᠡᠷᠡᠭᠦᠯᠦᠨ ᠳᠡᠯᠭᠡᠨ ᠦᠵᠡᠭᠦᠯᠬᠦ ᠠᠵᠢᠯ ᠢ ᠥᠷᠨᠢᠭᠦᠯᠵᠦ ᠂ ᠪᠡᠷᠬᠡ ᠰᠡᠳᠦᠪ ᠢ ᠰᠢᠢᠳᠪᠦᠷᠢᠯᠡᠬᠦ ᠪᠠ ᠪᠦᠲᠦᠭᠡᠨ ᠪᠠᠶᠢᠭᠤᠯᠬᠤ ᠠᠭᠤᠯᠭ᠎ᠠ ᠶᠢᠨ ᠬᠠᠨᠳᠤᠯᠭᠠᠲᠤ ᠴᠢᠨᠠᠷ ᠢᠶᠠᠷ ᠴᠢᠩᠭ᠎ᠠ ᠂ ᠳᠡᠯᠭᠡᠨ ᠦᠵᠡᠭᠦᠯᠬᠦ ᠦᠷ᠎ᠡ ᠪᠦᠲᠦᠮᠵᠢ ᠪᠠᠷ ᠰᠠᠶᠢᠨ ᠪᠠᠶᠢᠵᠤ ᠂︽ ᠲᠠᠷᠢᠶᠠᠴᠢᠳ ᠲᠤ ᠦᠵᠡᠭᠦᠯᠵᠦ᠂ ᠲᠠᠷᠢᠶᠠᠴᠢᠳ ᠢ ᠳᠠᠭᠠᠭᠤᠯᠤᠨ ᠠᠵᠢᠯᠯᠠᠬᠤ ︾ ᠪᠠ ᠲᠤᠬᠠᠢ ᠶᠢᠨ ᠭᠠᠵᠠᠷ ᠲᠤ  ᠨᠢ ᠲᠣᠭᠤᠷᠢᠨ ᠦᠵᠡᠵᠦ ᠰᠤᠷᠤᠯᠴᠠᠬᠤ ᠦᠢᠯᠡᠳᠦᠯ ᠢ ᠦᠨᠡᠨ ᠬᠦ ᠪᠠᠳᠠᠷᠠᠭᠤᠯᠪᠠ ︔ ᠪᠠᠶᠠᠨᠨᠠᠭᠤᠷ ᠬᠤᠳᠠ ᠂ ᠣᠷᠳᠣᠰ ᠬᠤᠳᠠ ᠶᠢᠨ ᠬᠢᠨ ᠨᠡᠶᠢᠲᠡᠯᠢᠭ ᠵᠢᠱᠢᠶ᠎ᠡ ᠶᠢᠨ ᠰᠣᠯᠢᠯᠴᠠᠭᠠᠨ ᠤ ᠬᠠᠷᠢᠭᠤ ᠮᠡᠳᠡᠭᠦᠯᠦᠯᠲᠡ ᠬᠢᠵᠦ ᠂ ᠬᠠᠷᠢᠯᠴᠠᠨ ᠰᠣᠯᠢᠯᠴᠠᠨ ᠰᠤᠷᠤᠯᠴᠠᠵᠤ ᠂ ᠲᠤᠷᠰᠢᠯᠭ᠎ᠠ ᠪᠠᠷ ᠲᠣᠯᠢ ᠪᠣᠯᠭᠠᠪᠠ ︔ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠬᠤᠩ ᠮᠧᠶ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢᠳᠤ ᠪᠣᠳᠠᠰ ᠤᠨ ᠠᠮᠤᠷ ᠲᠦᠪᠰᠢᠨ ᠤ ᠰᠤᠳᠤᠯᠤᠯ ᠤᠨ ᠲᠥᠪ ᠤᠨ ᠳᠡᠳ᠋ ᠡᠷᠬᠢᠯᠡᠭᠴᠢ ᠵᠠᠩ ᠯᠢ ᠱᠧᠩ ᠰᠤᠳᠤᠯᠤᠭᠴᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠢ ᠲᠠᠷᠢᠵᠤ ᠤᠷᠭᠤᠭᠤᠯᠬᠤ ᠪᠠ ᠹᠢᠽᠢᠣᠯᠣᠭᠢ ᠶᠢᠨ ᠰᠢᠨ᠎ᠡ ᠶᠢ ᠡᠭᠦᠳᠬᠦ ᠪᠦᠯᠬᠦᠮ ᠤᠨ ᠠᠬᠠᠯᠠᠭᠴᠢ ᠰᠤᠳᠤᠯᠤᠭᠴᠢ ᠰᠢᠶᠧ ᠷᠦᠢ ᡁᠢ ᠲᠣᠰᠪᠣᠷᠢ ︽ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠡᠵᠡᠮᠳᠡᠬᠦ ᠮᠡᠷᠭᠡᠵᠢᠯ ︾ ᠂ ︽ ᠪᠠᠶᠢᠭᠠᠯᠢ ᠶᠢᠨ ᠬᠦᠴᠦᠨ ᠢ ᠬᠠᠮᠠᠭᠠᠯᠠᠵᠤ ᠬᠠᠲᠤᠨ ᠭᠤᠣᠯ ᠤᠨ ᠰᠠᠪᠠ ᠭᠠᠵᠠᠷ ᠲᠠᠬᠢ ᠲᠠᠷᠢᠶᠠᠨ ᠡᠮ ᠤᠨ ᠬᠡᠷᠡᠭᠯᠡᠭᠡ ᠶᠢ ᠪᠠᠭᠠᠰᠬᠠᠬᠤ ᠦᠢᠯᠡᠳᠦᠯᠭᠡ ︾ ᠂ ︽ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ  ᠬᠤᠷᠢᠶᠠᠨ᠂ ᠤᠰᠤ ᠪᠣᠷᠳᠣᠭᠤᠷ ᠢ ᠨᠠᠷᠢᠯᠢᠭ ᠣᠨᠣᠴᠠᠲᠠᠢ ᠰᠤᠳᠤᠯᠵᠤ ᠲᠣᠬᠢᠷᠠᠭᠤᠯᠤᠨ ᠡᠵᠡᠮᠳᠡᠬᠦ ᠮᠡᠷᠭᠡᠵᠢᠯ ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠡᠢ ᠃ ᠲᠠᠶᠢᠯᠤᠮᠵᠢ ᠶᠢᠨ ᠠᠭᠤᠯᠭ᠎ᠠ ᠶᠢᠨ ᠤᠨᠤᠯ ᠢ ᠪᠣᠳᠠᠲᠠᠢ ᠲᠠᠢ ᠤᠶᠠᠯᠳᠤᠭᠤᠯᠵᠤ ᠂ ᠤᠯᠠᠨ ᠲᠦᠮᠡᠨ ᠲᠠᠢ ᠣᠶᠢᠷᠠᠲᠤᠭᠤᠯᠤᠨ᠂ ᠬᠢᠷᠢ ᠲᠦᠪᠰᠢᠨ ᠢ ᠳᠡᠭᠡᠭᠰᠢᠯᠡᠭᠦᠯᠵᠦ ᠂  ᠪᠣᠯᠪᠠᠰᠤᠷᠠᠭᠤᠯᠤᠯ ᠤᠨ ᠠᠩᠭᠢ ᠶᠢᠨ ᠰᠤᠷᠤᠭᠴᠢᠳ ᠤᠨ ᠰᠤᠷᠤᠯᠴᠠᠬᠤ ᠤᠷᠮ᠎ᠠ ᠵᠣᠷᠢᠭ ᠥᠨᠳᠥᠷ ᠪᠠᠶᠢᠵᠤ ᠂ ᠲᠤᠰᠬᠠᠢ ᠮᠡᠷᠭᠡᠵᠢᠯ ᠤᠨ ᠤᠨᠤᠯ ᠤᠨ ᠲᠦᠪᠰᠢᠨ ᠪᠣᠯᠣᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠡᠢ ᠃      ᠡᠴᠦᠰ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠡᠷᠬᠢᠯᠡᠭᠴᠢ ᠬᠤ᠋ ᠢᠤ ᠯᠢᠨ ᠰᠠᠨᠠᠭᠠᠴᠢᠯᠠᠭᠠᠲᠤ ᠪᠠ ᠰᠠᠨᠠᠭᠠᠴᠢᠯᠠᠭᠠᠲᠤ ᠪᠤᠰᠤ ᠬᠤᠶᠠᠷ ᠲᠠᠯ᠎ᠠ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠤᠯᠤᠰ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠯᠠᠪᠳᠠᠭᠤᠯᠤᠨ ᠪᠠᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠥᠷᠥ ᠶᠢᠨ ᠡᠭᠦᠷᠭᠡ ᠶᠢᠨ ᠲᠤᠬᠠᠢ  ᠶᠠᠷᠢᠬᠰᠠᠨ ᠤ  ᠬᠠᠮᠳᠤ  ᠲᠦᠷᠦᠯ ᠵᠦᠢᠯ ᠪᠣᠯᠣᠨ ᠮᠡᠷᠭᠡᠵᠢᠯ ᠤᠨ ᠬᠤᠶᠠᠷ ᠲᠠᠯ᠎ᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠥᠨᠳᠥᠷ ᠲᠦᠪᠰᠢᠨ ᠢᠶᠠᠷ ᠠᠬᠢᠭᠤᠯᠬᠤ ᠶᠢ ᠶᠠᠷᠢᠵᠤ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠢᠨ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠬᠠᠳᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠠᠵᠢᠯ ᠤᠨ ᠲᠤᠶᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠪᠠ ᠃  ᠪᠠᠰᠠ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠳ᠋ᠦᠩᠨᠡᠵᠦ ᠂ ᠠᠵᠢᠯ ᠤᠨ ᠲᠦᠪᠰᠢᠨ ᠢ ᠳᠡᠭᠡᠭᠰᠢᠯᠡᠭᠦᠯᠬᠦ ᠶᠡᠷᠦᠩᠬᠡᠢ ᠱᠠᠭᠠᠷᠳᠠᠯᠭ᠎ᠠ ᠶᠢ ᠳᠤᠷᠠᠳᠪᠠ ᠃ ᠳᠣᠣᠷ᠎ᠠ ᠬᠠᠭᠠᠰ ᠵᠢᠯ ᠤᠨ ᠠᠵᠢᠯ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠴᠢᠭᠯᠡᠯ ᠢ ᠲᠣᠳᠣᠷᠬᠠᠢ ᠵᠢᠭᠠᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠥᠯᠦᠪᠵᠢᠭᠦᠯᠭᠡ ᠶᠢᠨ ᠭᠠᠵᠠᠷ᠂ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠬᠥᠮᠥᠰ᠂ ᠬᠠᠲᠤᠨ ᠭᠤᠣᠯ ᠤᠨ ᠰᠠᠪᠠ ᠭᠠᠵᠠᠷ ᠤᠨ ᠴᠢᠬᠤᠯᠠ ᠶᠡᠭᠡ ᠬᠠᠮᠵᠢᠯᠴᠠᠬᠤ ᠲᠥᠷᠥᠯ ᠵᠦᠢᠯ ᠤᠨ ᠡᠯ᠎ᠡ ᠲᠤᠰᠬᠠᠢ ᠮᠡᠷᠭᠡᠵᠢᠯᠲᠡᠨ ᠤ ᠵᠢᠭᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠵᠢᠷᠭᠤᠭᠠᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠠᠲᠤᠨ ᠭᠤᠣᠯ ᠤᠨ ᠰᠠᠪᠠ ᠭᠠᠵᠠᠷ ᠤᠨ ᠠᠵᠢᠯ ᠢ ᠬᠠᠷᠢᠭᠤᠴᠠᠵᠤ ᠪᠠᠶᠢᠭ᠎ᠠ ᠰᠠᠯᠠᠭᠠᠨ ᠳᠠᠷᠤᠭ᠎ᠠ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠷᠢᠭᠤᠴᠠᠯᠭᠠᠲᠠᠨ᠂ ᠬᠠᠲᠤᠨ ᠭᠤᠣᠯ ᠤᠨ ᠰᠠᠪᠠ ᠭᠠᠵᠠᠷ ᠤᠨ 38 ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠲᠥᠷᠥᠯ ᠵᠦᠢᠯ ᠤᠨ ᠬᠠᠷᠢᠭᠤᠴᠠᠯᠭᠠᠲᠠᠨ ᠵᠢᠴᠢ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ᠂ ᠦᠶᠤᠸᠠᠨ ᠰᠢᠶᠠᠨ᠂ ᠬᠠᠩᠭᠢᠨ ᠬᠤᠶᠢᠲᠤ ᠬᠤᠰᠢᠭᠤᠨ ᠤ ᠲᠠᠷᠢᠮᠠᠯ ᠤᠨ ᠲᠣᠮᠣ ᠡᠷᠦᠬᠡ᠂ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠤ ᠡᠵᠡᠩᠨᠡᠯᠲᠡ ᠶᠢᠨ ᠭᠤᠣᠯ ᠴᠣᠭᠴᠠ ᠶᠢᠨ ᠲᠥᠯᠥᠭᠡᠯᠡᠭᠴᠢ 90 ᠭᠠᠷᠤᠢ ᠬᠥᠮᠥᠨ ᠲᠤᠬᠠᠢ ᠶᠢᠨ ᠲᠠᠯᠠᠪᠤᠷ ᠤᠨ ᠦᠵᠡᠭᠦᠯᠭᠡ ᠪᠠ  ᠪᠣᠯᠪᠠᠰᠤᠷᠠᠭᠤᠯᠤᠯ ᠳᠤ ᠣᠷᠣᠯᠴᠠᠵᠠᠢ᠃

1.png

2.png

3.png

4.png

5.png

6.png

 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号