ᠶᠢᠰᠦᠳᠦᠭᠡᠷ ᠬᠤᠭᠤᠴᠠᠭᠠᠨ ᠤ ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠵᠡᠰᠭᠦᠯᠡᠩ ᠪᠤᠭᠤᠲᠤ ᠬᠤᠳᠠ ᠳᠤ ᠶᠠᠪᠤᠬᠳᠠᠬᠤ ᠪᠠᠷ ᠪᠤᠢ
ᠨᠡᠶᠢᠲᠡᠯᠡᠭᠰᠡᠨ ᠴᠠᠭ᠄
2022/8/8
      ᠰᠤᠷᠪᠤᠯᠵᠢᠯᠠᠬᠴᠢ ᠡᠮᠦᠨᠡᠬᠡᠨ ᠪᠤᠭᠤᠲᠤ ᠬᠤᠳᠠ ᠳᠤ ᠬᠤᠷᠠᠯᠳᠤᠬᠰᠠᠨ ᠬᠠᠮᠢᠶ᠎ᠠ ᠪᠦᠬᠦᠢ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠢᠢᠯᠠᠭᠠᠬᠰᠠᠨ ᠢᠶᠠᠷ᠂ ᠶᠢᠰᠦᠳᠦᠭᠡᠷ ᠬᠤᠭᠤᠴᠠᠭᠠᠨ ᠤ ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠵᠡᠰᠭᠦᠯᠡᠩ 8 ᠰᠠᠷ᠎ᠠ ᠶᠢᠨ 16 ᠠᠴᠠ 18 ᠤ ᠡᠳᠦᠷ ᠪᠤᠯᠳᠠᠯ᠎ᠠ ᠪᠤᠭᠤᠲᠤ ᠶᠢᠨ ᠤᠯᠠᠨ ᠤᠯᠤᠰ ᠤᠨ ᠦᠵᠡᠰᠭᠦᠯᠡᠩ ᠲᠦᠪ ᠲᠤ ᠶᠠᠪᠤᠬᠳᠠᠨ᠎ᠠ᠃ ᠡᠭᠦᠨ ᠤ ᠬᠠᠮᠳᠤ᠂ ᠠᠷᠪᠠᠨ ᠨᠠᠢᠮᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠬᠤᠨᠢᠨ ᠤ ᠦᠢᠯᠡᠰ ᠤᠨ ᠬᠦᠭᠵᠢᠯᠲᠡ ᠶᠢᠨ ᠶᠡᠭᠡ ᠬᠤᠷᠠᠯ᠂ ᠲᠤᠯᠤᠳᠤᠭᠠᠷ ᠬᠤᠭᠤᠴᠠᠭᠠᠨ ᠤ ᠪᠤᠭᠤᠲᠤ ᠬᠤᠳᠠ ᠶᠢᠨ ᠦᠭᠡᠷ ᠬᠤᠨᠢᠨ ᠮᠢᠬᠠᠨ ᠤ ᠠᠵᠤ ᠦᠢᠯᠡᠰ ᠤᠨ ᠶᠡᠭᠡ ᠬᠤᠷᠠᠯ᠂ ᠲᠦᠷᠪᠡᠳᠦᠭᠡᠷ ᠬᠤᠭᠤᠴᠠᠭᠠᠨ ᠤ ᠪᠤᠭᠤᠲᠤ ᠬᠤᠳᠠ ᠶᠢᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ ᠦᠵᠡᠰᠭᠦᠯᠡᠩ ᠪᠤᠯᠤᠨ ᠠᠩᠬᠠᠳᠤᠭᠠᠷ ᠬᠤᠭᠤᠴᠠᠭᠠᠨ ᠤ ᠪᠤᠭᠤᠲᠤ ᠬᠤᠳᠠ ᠶᠢᠨ ᠤᠷᠢᠳᠴᠢᠯᠠᠨ ᠪᠡᠯᠡᠳᠭᠡᠭᠰᠡᠨ ᠨᠤᠭᠤᠭ᠎ᠠ ᠶᠢᠨ ᠠᠵᠤ ᠦᠢᠯᠡᠰ ᠤᠨ ᠶᠡᠭᠡ ᠬᠤᠷᠠᠯ ᠮᠦᠨ ᠠᠳᠠᠯᠢ ᠬᠤᠭᠤᠴᠠᠭᠠᠨ ᠳᠤ ᠶᠠᠪᠤᠬᠳᠠᠬᠤ ᠪᠤᠯᠤᠨ᠎ᠠ᠃      ᠲᠤᠰ ᠬᠤᠭᠤᠴᠠᠭᠠᠨ ᠤ ᠦᠵᠡᠰᠭᠦᠯᠡᠩ ᠨᠢ ︽ᠪᠤᠬᠢᠷᠳᠤᠯ ᠦᠭᠡᠢ ᠲᠠᠷᠢᠶᠠᠯᠠᠩ ᠢ ᠬᠦᠭᠵᠢᠬᠦᠯᠬᠦ᠂ ᠴᠢᠨᠠᠷ ᠴᠢᠨᠰᠠᠭ᠎ᠠ ᠪᠠᠷ ᠲᠠᠷᠢᠶᠠᠯᠠᠩ ᠢ ᠬᠦᠭᠵᠢᠬᠦᠯᠬᠦ᠂ ᠱᠤᠰᠢᠭ᠎ᠠ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ︾ ᠪᠠᠷ ᠭᠤᠤᠯ ᠰᠡᠳᠤᠪ ᠪᠤᠯᠭᠠᠵᠦ᠂ ︽ᠦᠷ᠎ᠠ ᠪᠦᠳᠦᠭᠡᠯ ᠢ ᠲᠡᠯᠭᠡᠨ ᠦᠵᠡᠬᠦᠯᠵᠦ᠂ ᠬᠠᠮᠵᠢᠯᠴᠠᠭ᠎ᠠ ᠰᠤᠯᠢᠯᠴᠠᠭ᠎ᠠ᠂ ᠪᠤᠷᠤᠯᠠᠭᠤᠯᠭ᠎ᠠ ᠶᠢ ᠠᠬᠢᠭᠤᠯᠬᠤ︾ ᠦᠵᠡᠰᠭᠦᠯᠡᠩ ᠡᠷᠬᠢᠯᠡᠬᠦ ᠵᠤᠷᠢᠯᠳᠠ ᠶᠢ ᠤᠯᠠᠮᠵᠢᠯᠠᠨ ᠵᠠᠯᠭᠠᠮᠵᠢᠯᠠᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠪᠠᠷ ᠬᠠᠷᠠᠯᠳᠠ ᠪᠤᠯᠭᠠᠨ᠂ ᠮᠠᠨ ᠤ ᠣᠷᠤᠨ ᠤ 12 ᠠᠶᠢᠮᠠᠭ ᠬᠤᠳᠠ ᠶᠢᠨ ᠴᠢᠨᠠᠷ ᠰᠠᠶᠢᠲᠠᠢ ᠰᠢᠯᠢᠳᠡᠭ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠡᠵᠡᠩᠨᠡᠯᠳᠡ ᠶᠢᠨ ᠠᠵᠤ ᠠᠬᠤᠶᠢᠯᠠᠯ ᠪᠤᠯᠤᠨ ᠤᠯᠤᠰ ᠤᠨ ᠲᠤᠳᠤᠭᠠᠳᠤ ᠭᠠᠳᠠᠭᠠᠳᠤ ᠶᠢᠨ ᠬᠠᠮᠢᠶ᠎ᠠ ᠪᠦᠬᠦᠢ ᠭᠠᠵᠠᠷ ᠣᠷᠤᠨ ᠤ ᠦᠭᠡᠷ ᠬᠤᠨᠢᠨ ᠤ ᠡᠭᠦᠯᠳᠡᠷ᠂ ᠠᠷᠠᠴᠢᠯᠠᠨ ᠮᠠᠯᠵᠢᠬᠤ᠂ ᠦᠭᠡᠷ ᠬᠤᠨᠢᠨ ᠮᠢᠬ᠎ᠠ ᠵᠢᠴᠢ ᠪᠤᠰᠤᠳ ᠢᠳᠡᠭᠡᠨ ᠤ ᠮᠠᠲ᠋ᠧᠷᠢᠶᠠᠯ ᠤᠨ ᠡᠵᠡᠩᠨᠡᠯᠳᠡ ᠶᠢᠨ ᠠᠵᠤ ᠠᠬᠤᠶᠢᠯᠠᠯ ᠢ ᠲᠡᠯᠭᠡᠨ ᠦᠵᠡᠬᠦᠯᠵᠦ᠂ ᠪᠦᠬᠦ ᠤᠯᠤᠰ ᠤᠨ ᠴᠢᠬᠤᠯᠠ ᠪᠤᠯᠬᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠡᠳ᠋ᠰᠢᠬᠦᠯᠦᠯᠳᠡ ᠶᠢ ᠭᠠᠳᠠᠬᠰᠢ ᠭᠠᠷᠭᠠᠬᠤ ᠰᠠᠭᠤᠷᠢᠨ ᠢ ᠬᠦᠴᠦᠯᠠᠨ ᠴᠤᠬᠴᠠᠯᠠᠵᠦ᠂ ︽ᠦᠪᠦᠷ ᠮᠤᠩᠭᠤᠯ ᠲᠡᠮᠳᠡᠭᠳᠤ︾ ᠱᠣᠰᠢᠭ᠎ᠠ ᠶᠢ ᠪᠦᠬᠦ ᠲᠠᠯ᠎ᠠ ᠪᠠᠷ ᠠᠯᠳᠠᠷᠰᠢᠭᠤᠯᠤᠨ᠂ ᠨᠡᠩ ᠤᠯᠠᠨ ︽ᠦᠪᠦᠷ ᠮᠤᠩᠭᠤᠯ ᠲᠡᠮᠳᠡᠭᠳᠤ︾ ᠪᠦᠲᠦᠭᠡᠭᠳᠡᠭᠦᠨ ᠢ ᠪᠦᠬᠦ ᠤᠯᠤᠰ ᠲᠤ ᠭᠠᠷᠭᠠᠵᠤ᠂ ᠴᠢᠨᠠᠬᠰᠢᠯᠠᠪᠠᠯ ᠲᠡᠯᠡᠭᠡᠢ ᠳᠤ ᠭᠠᠷᠭᠠᠬᠤ ᠪᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号