ᠬᠥᠬᠡᠬᠤᠲᠠ 5.71 ᠳ᠋ᠦᠩᠰᠢᠭᠤᠷ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠲᠣᠬᠢᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2022/8/8
      ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ᠨᠢᠭᠡᠨᠲᠡ ᠡᠯ᠎ᠡ ᠱᠠᠲᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢ 5.71 ᠳ᠋ᠦᠩᠰᠢᠭᠤᠷ ᠲᠥᠭᠦᠷᠢᠭ ᠲᠣᠬᠢᠷᠠᠭᠤᠯᠪᠠ᠃ ᠡᠭᠦᠨ ᠳᠤ᠂ ᠲᠥᠪ ᠤᠨ ᠪᠡᠯᠡ ᠮᠥᠩᠭᠦ 0.62 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ 2.81 ᠳ᠋ᠦᠩᠰᠢᠭᠤᠷ ᠲᠥᠭᠦᠷᠢᠭ᠂ ᠬᠤᠳᠠ ᠶᠢᠨ ᠲᠤᠰ ᠱᠠᠲᠤᠨ ᠤ ᠪᠡᠯᠡ ᠮᠥᠩᠭᠦ 2.28 ᠳ᠋ᠦᠩᠰᠢᠭᠤᠷ ᠲᠥᠭᠦᠷᠢᠭ ᠪᠣᠯᠣᠨ᠎ᠠ᠃ 206 ᠲᠥᠷᠥᠯ ᠵᠦᠢᠯ ᠢ ᠲᠣᠬᠢᠷᠠᠭᠤᠯᠪᠠ᠃      ᠡᠨᠡ ᠬᠦ 206 ᠲᠥᠷᠥᠯ ᠵᠦᠢᠯ ᠤᠨ ᠳᠣᠲᠣᠷ᠎ᠠ᠂ ᠠᠵᠤ ᠦᠢᠯᠡᠰ ᠤᠨ ᠲᠥᠷᠥᠯ ᠵᠦᠢᠯ 121 ᠪᠠᠶᠢᠵᠤ᠂ ᠪᠡᠯᠡ ᠮᠥᠩᠭᠦ ᠨᠢ 3.55 ᠳ᠋ᠦᠩᠰᠢᠭᠤᠷ ᠲᠥᠭᠦᠷᠢᠭ ᠲᠤ ᠬᠦᠷᠴᠦ᠂ 68.67% ᠶᠢ ᠡᠵᠡᠯᠡᠪᠡ︔ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ 74 ᠪᠠᠶᠢᠵᠤ᠂ ᠪᠡᠯᠡ ᠮᠥᠩᠭᠦ ᠨᠢ 1.39 ᠳ᠋ᠦᠩᠰᠢᠭᠤᠷ ᠲᠥᠭᠦᠷᠢᠭ ᠲᠤ ᠬᠦᠷᠴᠦ᠂ 24.34% ᠶᠢ ᠡᠵᠡᠯᠡᠪᠡ︔ ᠡᠷᠦᠬᠡ ᠳᠤ ᠬᠦᠷᠬᠦ ᠲᠥᠷᠥᠯ ᠵᠦᠢᠯ 11 ᠪᠠᠶᠢᠵᠤ᠂ ᠪᠡᠯᠡ ᠮᠥᠩᠭᠦ ᠨᠢ 0.20 ᠳ᠋ᠦᠩᠰᠢᠭᠤᠷ ᠲᠥᠭᠦᠷᠢᠭ ᠬᠦᠷᠴᠦ᠂ 3.5% ᠶᠢ ᠡᠵᠡᠯᠡᠪᠡ᠃ ᠪᠡᠯᠡ ᠮᠥᠩᠭᠦ ᠶᠢ ᠪᠦᠬᠦᠨ ᠢ ᠬᠤᠰᠢᠭᠤ ᠰᠢᠶᠠᠨ ᠲᠣᠭᠤᠷᠢᠭ ᠲᠤ ᠰᠢᠯᠵᠢᠭᠦᠯᠦᠨ ᠥᠭᠴᠦ᠂ ᠪᠣᠶ ᠪᠦᠬᠦᠢ ᠲᠥᠷᠥᠯ ᠵᠦᠢᠯ ᠴᠥᠮ ᠠᠵᠢᠯ ᠢᠶᠠᠨ ᠡᠬᠢᠯᠡᠭᠦᠯᠪᠡ᠃      7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ᠪᠡᠯᠡ ᠮᠥᠩᠭᠦ ᠰᠠᠯᠭᠠᠨ ᠥᠭᠭᠦᠭᠰᠡᠨ ᠨᠣᠷᠮ᠎ᠠ ᠨᠢᠭᠡᠨᠲᠡ 69% ᠳᠤ ᠬᠦᠷᠴᠦ᠂ ᠠᠵᠢᠯ ᠤᠨ ᠠᠬᠢᠴᠠ ᠶᠢᠨ ᠪᠠᠶᠢᠳᠠᠯ ᠪᠥᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ᠲᠤᠰ ᠬᠤᠳᠠ 7 ᠳ᠋ᠤᠭᠠᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠬᠤᠷᠠᠯᠳᠤᠭᠰᠠᠨ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠦᠷᠦᠯ ᠵᠦᠢᠯ ᠤᠨ ᠬᠠᠮᠢᠶᠠᠷᠤᠯᠲᠠ ᠶᠢ ᠠᠬᠢᠭᠤᠯᠬᠤ ᠬᠤᠷᠠᠯ ᠳᠡᠭᠡᠷ᠎ᠡ ᠲᠡᠷᠢᠭᠦᠨ ᠤ ᠠᠵᠢᠯ ᠤᠨ ᠲᠤᠷᠰᠢᠯᠭ᠎ᠠ ᠪᠠᠨ ᠰᠣᠯᠢᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号