ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ᠂ | ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ᠂ ᠬᠤᠯᠪᠣᠭᠳᠠᠯ | ᠪᠦᠬᠦᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ᠄ | ᠪᠦᠬᠦ ᠣᠷᠣᠨ ᠤ ᠦᠨᠳᠦᠰᠦᠨ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠠᠵᠢᠯᠲᠠᠨ ᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠥᠪᠥᠷ ᠲᠠᠷᠢᠶᠠᠯᠠᠩ ᠮᠠᠯ ᠶᠠᠰᠤ ᠲᠠᠷᠬᠠᠭᠠᠭᠰᠠᠨ ﹇2022﹈ 251 | ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠪᠠ ᠪᠥᠬᠦ ᠵᠢᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠨᠢ | 2022 ᠣᠨ ᠤ 9 ᠰᠠᠷ᠎ᠠ ᠶᠢᠨ ᠡᠬᠢ ᠪᠠᠷ ᠵᠡᠭᠦᠨ᠂ ᠪᠠᠷᠠᠭᠤᠨ ᠬᠡᠰᠡᠭ ᠣᠷᠣᠨ ᠤ ᠦᠨᠳᠦᠰᠦᠨ ᠱᠠᠲᠤᠨ ᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ | ᠠᠵᠢᠯᠲᠠᠨ ᠤ ᠣᠨᠣᠯ ᠪᠠ ᠪᠣᠳᠠᠲᠤ ᠠᠵᠢᠯᠯᠠᠭᠠᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠠᠩᠭᠢ ᠶᠢ ᠡᠷᠬᠢᠯᠡᠬᠦ ᠪᠠᠷ | ᠪᠣᠢ ᠂ ᠡᠳᠦᠭᠡ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠮᠡᠳᠡᠭᠳᠡᠪᠡ ᠃ | ᠨᠢᠭᠡ ᠂ ᠪᠣᠯᠪᠠᠰᠤᠷᠠᠭᠤᠯᠤᠯ ᠤᠨ ᠴᠠᠭ | ︵ᠨᠢᠭᠡ︶ ᠪᠠᠷᠠᠭᠤᠨ ᠬᠡᠰᠡᠭ ᠣᠷᠣᠨ ᠤ ᠪᠣᠯᠪᠠᠰᠤᠷᠠᠭᠤᠯᠤᠯ ᠤᠨ ᠴᠠᠭ᠄ 2022 ᠣᠨ ᠤ 9 ᠰᠠᠷ᠎ᠠ ᠶᠢᠨ | 4 ᠤ ᠡᠳᠦᠷ ᠠᠴᠠ 9 ᠰᠠᠷ᠎ᠠ ᠶᠢᠨ 8 ᠤ ᠡᠳᠦᠷ ᠪᠣᠯᠲᠠᠯ᠎ᠠ ᠂ 9 ᠰᠠᠷ᠎ᠠ ᠶᠢᠨ 4 ᠤ ᠡᠳᠦᠷ ᠨᠡᠷ᠎ᠡ ᠮᠡᠳᠡᠭᠦᠯᠵᠦ᠂ 9 | ᠰᠠᠷ᠎ᠠ ᠶᠢᠨ 5 ᠤ ᠡᠳᠦᠷ ᠠᠴᠠ 9 ᠰᠠᠷ᠎ᠠ ᠶᠢᠨ 7 ᠤ ᠡᠳᠦᠷ ᠪᠣᠯᠲᠠᠯ᠎ᠠ ᠪᠣᠯᠪᠠᠰᠤᠷᠠᠭᠤᠯᠤᠯ ᠬᠢᠵᠦ᠂ 9 ᠰᠠᠷ᠎ᠠ ᠶᠢᠨ | 8 ᠤ ᠡᠳᠦᠷ ᠬᠤᠷᠠᠯ ᠲᠠᠷᠬᠠᠨ᠎ᠠ ᠃ | ︵ᠬᠤᠶᠠᠷ︶ ᠵᠡᠭᠦᠨ ᠬᠡᠰᠡᠭ ᠣᠷᠣᠨ ᠤ ᠪᠣᠯᠪᠠᠰᠤᠷᠠᠭᠤᠯᠤᠯ ᠤᠨ ᠴᠠᠭ᠄ 2022 ᠣᠨ ᠤ 9 ᠰᠠᠷ᠎ᠠ ᠶᠢᠨ | 5 ᠤ ᠡᠳᠦᠷ ᠠᠴᠠ 9 ᠰᠠᠷ᠎ᠠ ᠶᠢᠨ 9 ᠤ ᠡᠳᠦᠷ ᠪᠣᠯᠲᠠᠯ᠎ᠠ ᠂ 9 ᠰᠠᠷ᠎ᠠ ᠶᠢᠨ 5 ᠤ ᠡᠳᠦᠷ ᠨᠡᠷ᠎ᠡ ᠮᠡᠳᠡᠭᠦᠯᠵᠦ᠂ 9 | ᠰᠠᠷ᠎ᠠ ᠶᠢᠨ 6 ᠤ ᠡᠳᠦᠷ ᠠᠴᠠ 9 ᠰᠠᠷ᠎ᠠ ᠶᠢᠨ 8 ᠤ ᠡᠳᠦᠷ ᠪᠣᠯᠲᠠᠯ᠎ᠠ ᠪᠣᠯᠪᠠᠰᠤᠷᠠᠭᠤᠯᠤᠯ ᠬᠢᠵᠦ ᠂ 9 ᠰᠠᠷ᠎ᠠ ᠶᠢᠨ | 9 ᠤ ᠡᠳᠦᠷ ᠬᠤᠷᠠᠯ ᠲᠠᠷᠬᠠᠨ᠎ᠠ ᠃ | ᠬᠤᠶᠠᠷ ᠂ ᠪᠣᠯᠪᠠᠰᠤᠷᠠᠭᠤᠯᠤᠯ ᠤᠨ ᠭᠠᠵᠠᠷ | ︵ᠨᠢᠭᠡ︶ ᠪᠠᠷᠠᠭᠤᠨ ᠬᠡᠰᠡᠭ ᠤᠷᠤᠨ ᠤ ᠪᠣᠯᠪᠠᠰᠤᠷᠠᠭᠤᠯᠤᠯ ᠤᠨ ᠠᠩᠭᠢ ᠶᠢ ᠬᠥᠬᠡᠬᠤᠲᠠ ᠳᠤ ᠡᠷᠬᠢᠯᠡᠨ᠎ᠡ᠂ | ᠪᠠᠷᠠᠭᠤᠨ ᠬᠡᠰᠡᠭ ᠣᠷᠣᠨ ᠤ ᠪᠣᠯᠪᠠᠰᠤᠷᠠᠭᠤᠯᠤᠯ ᠤᠨ ᠠᠩᠭᠢ ᠳᠤ ᠤᠷᠤᠯᠴᠠᠬᠤ ᠠᠶᠢᠮᠠᠭ ᠬᠤᠳᠠ ᠪᠣᠯ ᠰᠢᠯᠢ ᠶᠢᠨ | ᠭᠤᠣᠯ ᠠᠶᠢᠮᠠᠭ ᠂ ᠤᠯᠠᠭᠠᠨᠴᠠᠪ ᠬᠤᠳᠠ ᠂ ᠬᠥᠬᠡᠬᠤᠲᠠ ᠂ ᠪᠤᠭᠤᠲᠤ ᠬᠤᠳᠠ ᠂ ᠣᠷᠳᠣᠰ ᠬᠤᠳᠠ ᠂ ᠪᠠᠶᠠᠨᠨᠠᠭᠤᠷ | ᠬᠤᠳᠠ ᠂ ᠦᠬᠠᠢ ᠬᠤᠳᠠ ᠪᠣᠯᠣᠨ ᠠᠯᠠᠱᠠ ᠠᠶᠢᠮᠠᠭ ᠪᠣᠯᠣᠨ᠎ᠠ ᠃ | ᠪᠣᠯᠪᠠᠰᠤᠷᠠᠭᠤᠯᠤᠯ ᠤᠨ ᠭᠠᠵᠠᠷ᠄ ᠪᠢᠨ ᠶᠤᠸᠠᠢ ᠶᠡᠭᠡ ᠪᠠᠭᠤᠳᠠᠯ ︵ᠬᠥᠬᠡᠬᠤᠲᠠ ᠶᠢᠨ ᠰᠠᠶᠢᠬᠠᠨ | ᠲᠣᠭᠤᠷᠢᠭ ᠤᠨ ᠵᠣᠣ ᠤᠳᠠ ᠵᠠᠮ ᠤᠨ 52 ᠳ᠋ᠤᠭᠠᠷ ᠨᠣᠮᠧᠷ︶᠃ | ︵ᠬᠤᠶᠠᠷ︶ ᠵᠡᠭᠦᠨ ᠬᠡᠰᠡᠭ ᠣᠷᠣᠨ ᠤ ᠪᠣᠯᠪᠠᠰᠤᠷᠠᠭᠤᠯᠤᠯ ᠤᠨ ᠠᠩᠭᠢ ᠶᠢ ᠲᠦᠩᠯᠢᠶᠣᠣ ᠬᠤᠲᠠ ᠳᠤ | ᠡᠷᠬᠢᠯᠡᠨ᠎ᠡ ᠂ ᠵᠡᠭᠦᠨ ᠬᠡᠰᠡᠭ ᠣᠷᠣᠨ ᠤ ᠪᠣᠯᠪᠠᠰᠤᠷᠠᠭᠤᠯᠤᠯ ᠤᠨ ᠠᠩᠭᠢ ᠳᠤ ᠤᠷᠣᠯᠴᠠᠬᠤ ᠠᠶᠢᠮᠠᠭ ᠬᠤᠲᠠ ᠪᠣᠯ | ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ ᠪᠠ ᠤᠯᠠᠭᠠᠨᠬᠠᠳᠠ ᠬᠤᠲᠠ ᠪᠣᠯᠣᠨ᠎ᠠ᠃ | ᠪᠣᠯᠪᠠᠰᠤᠷᠠᠭᠤᠯᠤᠯ ᠤᠨ ᠭᠠᠵᠠᠷ᠄ ᠰᠢᠨ ᠳ᠋ᠡ ᠣᠯᠠᠨ ᠤᠯᠤᠰ ᠤᠨ ᠪᠠᠭᠤᠳᠠᠯ ︵ᠲᠦᠩᠯᠢᠶᠣᠣ ᠬᠤᠲᠠ ᠶᠢᠨ | ᠬᠤᠷᠴᠢᠨ ᠲᠣᠭᠤᠷᠢᠭ ᠤᠨ ᠵᠢᠶᠠᠨ ᠭᠦᠸᠧ ᠵᠠᠮ ᠤᠨ ᠬᠤᠶᠢᠲᠤ ᠬᠡᠰᠡᠭ ᠤᠨ 2 ᠳ᠋ᠤᠭᠠᠷ ᠨᠣᠮᠧᠷ︶᠃ | ᠭᠤᠷᠪᠠ᠂ ᠪᠣᠯᠪᠠᠰᠤᠷᠠᠭᠤᠯᠤᠯ ᠳᠤ ᠤᠷᠤᠯᠴᠠᠬᠤ ᠬᠦᠮᠦᠰ | ᠡᠯ᠎ᠡ ᠬᠤᠰᠢᠭᠤ ᠰᠢᠶᠠᠨ ᠲᠣᠭᠤᠷᠢᠭ ᠠᠴᠠ 2 ᠨᠡᠷᠡᠰ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠤᠨ ᠥᠯᠢᠭᠡᠷ | ᠠᠪᠬᠤ᠂ ᠪᠠᠶᠢᠴᠠᠭᠠᠨ ᠰᠢᠯᠭᠠᠬᠤ ᠮᠡᠷᠭᠡᠵᠢᠯᠲᠡᠨ ᠢ ᠰᠣᠩᠭᠤᠨ ᠲᠣᠮᠢᠯᠠᠨ᠎ᠠ᠃ ᠪᠠᠶᠢᠭᠤᠯᠤᠮᠵᠢ ᠨᠢ ᠦᠯᠢᠭᠡᠷ ᠠᠪᠬᠤ ᠂ | ᠪᠠᠶᠢᠴᠠᠭᠠᠨ ᠰᠢᠯᠭᠠᠬᠤ ᠮᠡᠷᠭᠡᠵᠢᠯᠲᠡᠨ ᠪᠠᠶᠢᠬᠤ ᠦᠭᠡᠢ ᠪᠠᠶᠢᠪᠠᠯ᠂ ᠲᠤᠰ ᠤᠳᠠᠭᠠᠨ ᠤ ᠪᠣᠯᠪᠠᠰᠤᠷᠠᠭᠤᠯᠤᠯ ᠤᠨ | ᠠᠩᠭᠢ ᠳᠤ ᠣᠷᠤᠯᠴᠠᠬᠤ ᠦᠭᠡᠢ ︔ ᠥᠯᠢᠭᠡᠷ ᠠᠪᠴᠤ ᠪᠠᠶᠢᠴᠠᠭᠠᠨ ᠰᠢᠯᠭᠠᠬᠤ ᠠᠵᠢᠯᠲᠠᠨ ᠨᠢ ᠬᠦᠷᠦᠯᠴᠡᠬᠦ ᠦᠭᠡᠢ | ᠪᠠᠶᠢᠪᠠᠯ ᠨᠥᠬᠦᠪᠦᠷᠢᠯᠡᠬᠦ ᠴᠢᠬᠤᠯᠠ ᠦᠭᠡᠢ᠃ | ᠳᠥᠷᠪᠡ᠂ ᠪᠣᠯᠪᠠᠰᠤᠷᠠᠭᠤᠯᠤᠯ ᠤᠨ ᠠᠭᠤᠯᠭ᠎ᠠ | GB 2763-2021 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠂ ᠢᠳᠡᠭᠡᠨ ᠤ | ᠵᠦᠢᠯ ᠳᠠᠬᠢ ᠲᠠᠷᠢᠶᠠᠨ ᠡᠮ ᠤᠨ ᠬᠠᠮᠤᠭ ᠤᠨ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ︾ ᠪᠠ GB | 31650-2019 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠂ ᠢᠳᠡᠭᠡᠨ ᠤ ᠵᠦᠢᠯ ᠳᠠᠬᠢ | ᠮᠠᠯ ᠤᠨ ᠡᠮ ᠤᠨ ᠬᠠᠮᠤᠭ ᠤᠨ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ︾ ᠶᠢᠨ ᠪᠠᠷᠢᠮᠵᠢᠶ᠎ᠠ ᠶᠢᠨ ᠲᠤᠬᠠᠢ | ᠲᠠᠶᠢᠯᠤᠮᠵᠢ᠂ ᠦᠨᠳᠦᠰᠦᠨ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠤᠯᠪᠣᠭᠳᠠᠭᠰᠠᠨ ᠲᠠᠷᠢᠶᠠᠨ ᠡᠮ | ᠮᠠᠯ ᠤᠨ ᠡᠮ ᠤᠨ ᠦᠯᠡᠳᠡᠭᠳᠡᠯ ᠤᠨ ᠰᠠᠭᠤᠷᠢ ᠮᠡᠳᠡᠯᠭᠡ᠂ ᠵᠤᠷᠰᠢᠯ ᠤᠨ ᠬᠢᠨᠠᠨ ᠬᠡᠮᠵᠢᠯᠲᠡ ᠪᠠ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠶᠢᠨ ᠥᠯᠢᠭᠡᠷ ᠠᠪᠬᠤ᠂ ᠥᠯᠢᠭᠡᠷ ᠬᠢᠬᠦ ᠶᠠᠪᠤᠴᠠ᠂ ᠤᠷᠢᠳ ᠢᠶᠠᠷ ᠰᠢᠢᠳᠪᠦᠷᠢᠯᠡᠬᠦ | ᠠᠵᠢᠯᠯᠠᠭ᠎ᠠ᠂ ᠲᠤᠭ᠎ᠠ ᠪᠠᠷᠢᠮᠲᠠ ᠶᠢᠨ ᠵᠠᠳᠠᠯᠤᠯᠲᠠ ᠪᠠ ᠦᠷ᠎ᠡ ᠳ᠋ᠦᠩ ᠤᠨ ᠮᠡᠳᠡᠭᠦᠯᠦᠯᠲᠡ᠂ ᠶᠠᠰᠤ ᠴᠢᠨᠠᠷ ᠤᠨ | ᠡᠵᠡᠮᠳᠡᠯ ᠵᠡᠷᠭᠡ ᠳᠤ ᠣᠨᠣᠯ ᠤᠨ ᠪᠣᠯᠪᠠᠰᠤᠷᠠᠭᠤᠯᠤᠯ ᠵᠢᠴᠢ ᠪᠣᠳᠠᠲᠤ ᠠᠵᠢᠯᠯᠠᠭᠠᠨ ᠤ ᠪᠣᠯᠪᠠᠰᠤᠷᠠᠭᠤᠯᠤᠯ ᠬᠢᠨ᠎ᠡ ᠃ | ᠪᠣᠳᠠᠲᠠᠢ ᠬᠢᠴᠢᠶᠡᠯ ᠤᠨ ᠲᠣᠬᠢᠷᠠᠭᠤᠯᠤᠯᠲᠠ ᠶᠢ ᠠᠰᠲᠠᠭᠠᠨ ᠮᠡᠳᠡᠭᠳᠡᠨ᠎ᠡ ᠃ | ᠲᠠᠪᠤ ᠂ ᠪᠣᠯᠪᠠᠰᠤᠷᠠᠭᠤᠯᠤᠯ ᠤᠨ ᠱᠠᠭᠠᠷᠳᠠᠯᠭ᠎ᠠ | ︵ᠨᠢᠭᠡ︶ ᠲᠤᠰ ᠤᠳᠠᠭᠠᠨ ᠤ ᠪᠣᠯᠪᠠᠰᠤᠷᠠᠭᠤᠯᠤᠯ ᠤᠨ ᠠᠩᠭᠢ ᠶᠢ ᠥᠪᠡᠷᠲᠡᠭᠡᠨ ᠵᠠᠰᠠᠬᠤ ᠣᠷᠣᠨ ᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠂ ᠲᠦᠩᠯᠢᠶᠣᠣ | ᠬᠤᠳᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠥᠪ ᠠᠴᠠ ᠪᠣᠳᠠᠲᠠᠢ ᠳᠠᠭᠠᠭᠠᠨ ᠭᠦᠢᠴᠡᠳᠬᠡᠨ᠎ᠡ ᠃ ᠪᠣᠯᠪᠠᠰᠤᠷᠠᠭᠤᠯᠤᠯ ᠤᠨ ᠬᠤᠭᠤᠴᠠᠭᠠᠨ ᠳᠠᠬᠢ ᠬᠤᠭᠤᠯᠠ | ᠬᠤᠨᠤᠭ ᠢ ᠵᠣᠬᠢᠶᠠᠨ ᠪᠠᠶᠢᠭᠤᠯᠬᠤ ᠺᠣᠮᠢᠰ ᠠᠴᠠ ᠨᠢᠭᠡᠳᠦᠯᠲᠡᠢ ᠲᠤᠬᠢᠷᠠᠭᠤᠯᠵᠤ᠂ ᠵᠠᠮ ᠬᠠᠷᠢᠯᠴᠠᠭᠠᠨ ᠤ ᠵᠠᠷᠤᠳᠠᠯ ᠢᠶᠠᠨ | ᠦᠪᠡᠰᠦᠪᠡᠨ ᠰᠢᠢᠳᠪᠦᠷᠢᠯᠡᠨ᠎ᠡ ᠃ | ︵ᠬᠤᠶᠠᠷ︶ ᠪᠣᠯᠪᠠᠰᠤᠷᠠᠭᠤᠯᠤᠯ ᠳᠤ ᠣᠷᠤᠯᠴᠠᠬᠤ ᠬᠥᠮᠥᠰ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ | ᠬᠢᠨᠠᠨ ᠪᠠᠶᠢᠴᠠᠭᠠᠬᠤ᠂ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠣᠯᠪᠠᠰᠤᠷᠠᠭᠤᠯᠤᠯ ᠤᠨ | ᠬᠤᠭᠤᠴᠠᠭᠠᠨ ᠳᠤ ᠬᠤᠷᠠᠯ ᠤᠨ ᠶᠠᠪᠤᠳᠠᠯ ᠤᠨ ᠳᠤᠭᠤᠶᠢᠯᠠᠩ ᠤᠨ ᠲᠣᠬᠢᠷᠠᠭᠤᠯᠤᠯᠲᠠ ᠶᠢ ᠵᠢᠷᠤᠮᠯᠠᠨ᠂ ᠱᠠᠭᠠᠷᠳᠠᠯᠭ᠎ᠠ | ᠶᠣᠰᠣᠭᠠᠷ ᠠᠮᠠᠪᠴᠢ ᠵᠡᠭᠦᠬᠦ ᠬᠡᠷᠡᠭᠲᠡᠢ᠃ ᠬᠡᠷᠪᠡ ᠬᠤᠷᠠᠯ ᠳᠤ ᠣᠷᠤᠯᠴᠠᠬᠤ ᠠᠴᠠ ᠡᠮᠦᠨ᠎ᠡ 7 ᠡᠳᠦᠷ ᠤᠨ ᠳᠤᠲᠤᠷ᠎ᠠ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠵᠢᠭᠲᠡᠢ ᠡᠪᠡᠳᠴᠢᠨ ᠤ ᠪᠠᠶᠢᠳᠠᠯ᠂ ᠬᠢᠵᠢᠭ ᠤᠨ ᠪᠠᠶᠢᠳᠠᠯ ᠤᠨ | ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠬᠥᠮᠥᠰ ᠲᠠᠢ ᠣᠶᠢᠷᠠᠲᠤᠭᠰᠠᠨ ᠦᠩᠭᠡᠷᠡᠯᠲᠡ ᠂ ᠬᠢᠵᠢᠭ ᠤᠨ | ᠪᠠᠶᠢᠳᠠᠯ ᠤᠨ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠳᠤ ᠵᠤᠭᠠᠴᠠᠨ ᠰᠠᠭᠤᠭᠰᠠᠨ ᠦᠩᠭᠡᠷᠡᠯᠲᠡ ᠪᠠ | ᠪᠤᠰᠤᠳ ᠶᠠᠮᠠᠷᠪᠠ ᠰᠡᠵᠢᠭᠲᠡᠢ ᠪᠠᠶᠢᠳᠠᠯ ᠲᠠᠢ ᠪᠠᠶᠢᠪᠠᠯ᠂ ᠴᠠᠭ ᠲᠤᠬᠠᠢ ᠳᠤ ᠨᠢ ᠪᠣᠯᠪᠠᠰᠤᠷᠠᠭᠤᠯᠤᠯ ᠳᠤ | ᠤᠷᠤᠯᠴᠠᠭᠴᠢ ᠶᠢ ᠰᠣᠯᠢᠬᠤ ᠬᠡᠷᠡᠭᠲᠡᠢ᠃ ᠣᠷᠣᠰᠢᠨ ᠰᠠᠭᠤᠭ᠎ᠠ ᠭᠠᠵᠠᠷ ᠨᠢ ᠬᠢᠵᠢᠭ ᠤᠨ ᠪᠠᠶᠢᠳᠠᠯ ᠢ ᠬᠠᠮᠢᠶᠠᠷᠤᠨ | ᠡᠵᠡᠮᠳᠡᠬᠦ ᠣᠷᠣᠨ ᠪᠤᠶᠤ ᠪᠢᠲᠡᠭᠦᠮᠵᠢᠯᠡᠨ ᠡᠵᠡᠮᠳᠡᠬᠦ ᠣᠷᠣᠨ ᠪᠠᠶᠢᠪᠠᠯ᠂ ᠪᠣᠯᠪᠠᠰᠤᠷᠠᠭᠤᠯᠤᠯ ᠳᠤ ᠤᠷᠤᠯᠴᠠᠭᠤᠯᠵᠤ | ᠪᠣᠯᠬᠤ ᠦᠭᠡᠢ᠃ | ︵ᠭᠤᠷᠪᠠ︶ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠣᠪᠴᠢᠶ᠎ᠠ ᠨᠢ ᠪᠣᠯᠪᠠᠰᠤᠷᠠᠭᠤᠯᠤᠯ ᠤᠨ ᠠᠩᠭᠢ ᠶᠢᠨ ᠬᠠᠷᠢᠭᠤ ᠶᠠᠪᠤᠭᠤᠯᠬᠤ ᠬᠦᠰᠦᠨᠦᠭᠲᠦ | ︵ᠳᠠᠭᠠᠯᠳᠤᠭᠤᠯᠤᠯ ᠳᠤ ᠦᠵᠡᠭᠡᠷᠡᠢ︶ ᠶᠢ ᠬᠤᠷᠢᠶᠠᠩᠭᠤᠶᠢᠯᠠᠭᠰᠠᠨ ᠤ ᠳᠠᠷᠠᠭ᠎ᠠ 9 ᠰᠠᠷ᠎ᠠ ᠶᠢᠨ 1 ᠤ ᠡᠳᠦᠷ ᠠᠴᠠ | ᠡᠮᠦᠨ᠎ᠡ ᠲᠣᠰ ᠲᠣᠰ ᠵᠣᠬᠢᠬᠤ ᠳᠠᠭᠠᠭᠠᠨ ᠭᠦᠢᠴᠡᠳᠬᠡᠬᠦ ᠨᠢᠭᠡᠴᠢ ᠶᠢᠨ ᠢᠮᠧᠯ ᠳᠤ ᠮᠡᠳᠡᠭᠦᠯᠦᠨ ᠬᠦᠷᠭᠡᠵᠦ᠂ | ᠲᠣᠭᠲᠠᠭᠠᠭᠰᠠᠨ ᠪᠣᠯᠪᠠᠰᠤᠷᠠᠭᠤᠯᠤᠯ ᠳᠤ ᠤᠷᠤᠯᠴᠠᠬᠤ ᠣᠷᠣᠨ ᠲᠤᠭ᠎ᠠ ᠶᠢ ᠴᠢᠩᠭ᠎ᠠ ᠵᠢᠷᠤᠮᠯᠠᠨ ᠣᠷᠣᠯᠴᠠᠵᠤ᠂ ᠣᠷᠣᠨ | ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠤᠨ ᠬᠢᠨᠠᠨ ᠬᠠᠮᠢᠶᠠᠷᠬᠤ ᠭᠠᠵᠠᠷ᠄ ᠾᠧᠦ ᠱᠤᠸᠠᠢ ᠂ ᠣᠲᠠᠰᠣ ᠄ 0471-6652285 | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ᠄ ᠼᠦᠢ ᠯᠢ ᠭᠤᠸᠠᠩ ᠂ ᠸᠠᠨ ᠲᠦᠩ ᠂ ᠤᠲᠠᠰᠣ᠄ 15560614885 ᠂ | 14747324812 ᠂ ᠢᠮᠧᠯ ᠄ hyhz0471@163.com | ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠲᠥᠪ᠄ ᠸᠠᠩ ᠯᠢ ᠶᠠᠨ ᠂ ᠤᠲᠠᠰᠣ ᠄ 13604753155 ᠂ ᠢᠮᠧᠯ᠄ | 94680669@qq.com | | ᠳᠠᠭᠠᠯᠳᠤᠭᠤᠯᠤᠯ ᠄ ᠪᠣᠯᠪᠠᠰᠤᠷᠠᠭᠤᠯᠤᠯ ᠤᠨ ᠠᠩᠭᠢ ᠶᠢᠨ ᠬᠠᠷᠢᠭᠤ ᠶᠠᠪᠤᠭᠤᠯᠬᠤ ᠬᠦᠰᠦᠨᠦᠭᠲᠦ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠭᠡᠷ | 2022 ᠣᠨ ᠤ 9 ᠰᠠᠷ᠎ᠠ ᠶᠢᠨ 1 ᠤ ᠡᠳᠦᠷ | | | | |