ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠪᠠ ᠲᠥᠷᠥᠯ ᠵᠦᠢᠯ ᠤᠨ ᠪᠡᠯᠡ ᠮᠥᠩᠭᠦ ᠶᠢ ᠮᠡᠳᠡᠭᠦᠯᠦᠨ ᠬᠦᠷᠭᠡᠭᠰᠡᠨ ᠪᠠᠶᠢᠳᠠᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/9/16
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠬᠢᠩᠭᠠᠨ ᠤ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠤᠯᠠᠭᠠᠢ ᠬᠠᠮᠢᠶᠠᠷᠤᠯᠲᠠ ᠶᠢᠨ ᠣᠷᠣᠨ ᠳᠤ᠄      ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠬᠢᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠣᠷᠣᠨ ᠤ ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠪᠠ ᠲᠥᠷᠥᠯ ᠵᠦᠢᠯ ᠤᠨ ᠪᠡᠯᠡ ᠮᠥᠩᠭᠦ ᠶᠢᠨ ᠪᠠᠶᠢᠳᠠᠯ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠦᠷᠨᠢᠭᠦᠯᠬᠦ ᠪᠠᠷ ᠪᠣᠢ᠂ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠪᠡ ᠃      ᠨᠢᠭᠡ᠂ ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠤᠨ ᠪᠠᠶᠢᠳᠠᠯ      ︵ᠨᠢᠭᠡ︶ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠨ᠂ ᠠᠲᠠᠷ ᠬᠠᠭᠠᠯᠪᠤᠷᠢᠯᠠᠯᠲᠠ ᠶᠢᠨ ᠣᠷᠣᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢ ᠪᠦᠷᠢᠳᠬᠡᠵᠦ᠂ ᠲᠠᠷᠢᠶᠠᠯᠠᠩ ᠳᠤ ᠬᠡᠷᠡᠭᠯᠡᠬᠦ ᠭᠠᠵᠠᠷ ︵ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ︶᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠠᠰᠢᠭᠯᠠᠭᠠᠳᠤᠢ ᠭᠠᠵᠠᠷ ᠵᠡᠷᠭᠡ ᠲᠠᠯᠠᠪᠠᠶ ᠶᠢᠨ ᠪᠠᠶᠢᠳᠠᠯ ᠢ ᠪᠠᠭᠲᠠᠭᠠᠨ᠎ᠠ᠃      ︵ᠬᠤᠶᠠᠷ︶ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠢᠭᠡᠳᠦᠯᠲᠡᠢ ᠡᠵᠡᠩᠨᠡᠯᠲᠡ᠂ ᠠᠵᠢᠯᠲᠠᠨ ᠠᠵᠢᠯᠴᠢᠨ ᠤ ᠳᠠᠭᠠᠭᠠᠴᠢᠯᠠᠨ ᠡᠵᠡᠩᠨᠡᠯᠲᠡ᠂ ᠠᠵᠢᠯᠲᠠᠨ ᠠᠵᠢᠯᠴᠢᠨ ᠤ ᠭᠡᠷ ᠪᠦᠯᠢ ᠶᠢᠨ ᠬᠢᠨ ᠤ ᠳᠠᠭᠠᠭᠠᠴᠢᠯᠠᠨ ᠡᠵᠡᠩᠨᠡᠯᠲᠡ᠂ ᠭᠠᠳᠠᠨ᠎ᠠ ᠠᠴᠠ ᠢᠷᠡᠭᠰᠡᠨ ᠮᠠᠯᠴᠢᠨ ᠲᠠᠷᠢᠶᠠᠴᠢᠨ ᠡᠷᠦᠬᠡ ᠶᠢᠨ ᠳᠠᠭᠠᠭᠠᠴᠢᠯᠠᠨ ᠡᠵᠡᠩᠨᠡᠯᠲᠡ᠂ ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ᠂ ᠲᠤᠰᠬᠠᠢ ᠠᠵᠢᠯ ᠤᠨ ᠬᠤᠷᠰᠢᠶ᠎ᠠ ᠶᠢᠨ ᠳᠠᠭᠠᠭᠠᠴᠢᠯᠠᠨ ᠡᠵᠡᠩᠨᠡᠯᠲᠡ ᠶᠢᠨ ᠪᠠᠶᠢᠳᠠᠯ ᠢ ᠲᠥᠷᠥᠯ ᠬᠤᠪᠢᠶᠠᠨ ᠪᠦᠷᠢᠳᠬᠡᠬᠦ ᠶᠢᠨ ᠬᠠᠮᠲᠤ ᠵᠠᠳᠠᠯᠤᠯᠲᠠ ᠬᠢᠨ᠎ᠡ᠃      ︵ᠭᠤᠷᠪᠠ︶ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠭᠠᠵᠠᠷ ᠰᠢᠷᠣᠢ ᠶᠢ ᠬᠤᠷᠢᠶᠠᠨ ᠠᠪᠬᠤ ᠪᠠ ᠭᠠᠵᠠᠷ ᠰᠢᠷᠣᠢ ᠶᠢ ᠬᠤᠷᠢᠶᠠᠨ ᠠᠪᠴᠤ ᠳᠡᠶᠢᠯᠬᠦ ᠪᠠᠶᠢᠳᠠᠯ ᠵᠢᠴᠢ ᠭᠠᠵᠠᠷ ᠰᠢᠷᠣᠢ ᠶᠢ ᠬᠤᠷᠢᠶᠠᠨ ᠠᠪᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠰᠢᠢᠳᠪᠦᠷᠢᠯᠡᠬᠦ ᠠᠷᠭ᠎ᠠ᠃       ︵ᠳᠥᠷᠪᠡ︶ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠳᠣᠲᠣᠷᠠᠬᠢ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠢ ᠶᠢ ᠳᠠᠭᠠᠭᠠᠴᠢᠯᠠᠨ ᠲᠦᠷᠢᠶᠡᠰᠦᠯᠡᠬᠦ ᠳᠤ ᠲᠦᠰᠢᠭᠯᠡᠨ ᠠᠵᠤ ᠠᠬᠤᠢ ᠶᠢᠨ ᠭᠤᠣᠯ ᠢᠷᠡᠯᠲᠡ ᠪᠠᠨ ᠪᠣᠯᠭᠠᠭᠰᠠᠨ ᠠᠵᠢᠯᠲᠠᠨ ᠠᠵᠢᠯᠴᠢᠨ ᠤ ᠪᠠᠶᠢᠳᠠᠯ᠃      ︵ ᠲᠠᠪᠤ ︶ ᠠᠲᠠᠷ ᠬᠠᠭᠠᠯᠪᠤᠷᠢᠯᠠᠯᠲᠠ ᠶᠢᠨ ᠣᠷᠣᠨ ᠢᠶᠠᠷ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢᠨ ᠪᠠᠶᠢᠳᠠᠯ ᠃      ᠬᠤᠶᠠᠷ᠂ ᠠᠲᠠᠷ ᠬᠠᠭᠠᠯᠪᠤᠷᠢᠯᠠᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠪᠠᠶᠢᠳᠠᠯ      2022 ᠣᠨ ᠤ 8 ᠰᠠᠷ᠎ᠠ ᠶᠢᠨ 30 ᠤ ᠡᠳᠦᠷ ᠪᠣᠯᠲᠠᠯ᠎ᠠ᠂ ᠠᠲᠠᠷ ᠬᠠᠭᠠᠯᠪᠤᠷᠢᠯᠠᠯᠲᠠ ᠳᠤ ᠬᠤᠯᠪᠣᠭᠳᠠᠭᠰᠠᠨ ᠪᠡᠯᠡ ᠮᠥᠩᠭᠦ ᠶᠢ ᠬᠠᠷᠠᠬᠠᠨ ᠵᠠᠷᠤᠴᠠᠭᠤᠯᠤᠭ᠎ᠠ ᠦᠭᠡᠢ ᠪᠤᠶᠤ ᠲᠥᠷᠥᠯ ᠵᠦᠢᠯ ᠢ ᠬᠠᠷᠠᠬᠠᠨ ᠪᠡᠶᠡᠯᠡᠭᠦᠯᠦᠭᠡᠳᠦᠢᠪᠠᠶᠢᠳᠠᠯ᠂ ᠡᠭᠦᠨ ᠳᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ᠂ ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ᠂ ᠠᠲᠠᠷ ᠬᠠᠭᠠᠯᠪᠤᠷᠢᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠥᠷᠥᠯ ᠵᠦᠢᠯ᠂ ᠠᠲᠠᠷ ᠬᠠᠭᠠᠯᠪᠤᠷᠢᠯᠠᠯᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ᠂ ᠲᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠬᠥᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠳᠤ ᠬᠤᠯᠪᠤᠭᠳᠠᠭᠰᠠᠨ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠲᠥᠷᠥᠯ ᠵᠦᠢᠯ ︵ᠤᠤᠯ ᠤᠨ ᠶᠠᠳᠠᠭᠤ ᠶᠢ ᠲᠡᠳᠬᠦᠬᠦ ᠲᠠᠷᠢᠶᠠᠯᠠᠩ ᠤᠨ ᠲᠠᠯᠠᠪᠠᠶ ᠶᠢᠨ ᠪᠡᠯᠡ ᠮᠥᠩᠭᠦ ᠶᠢᠨ ᠲᠥᠷᠥᠯ ᠵᠦᠢᠯ︶ ᠵᠡᠷᠭᠡ ᠪᠠᠭᠲᠠᠨ᠎ᠠ᠃      ᠭᠤᠷᠪᠠ ᠂ ᠪᠤᠰᠤᠳ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠠᠲᠠᠷ ᠬᠠᠭᠠᠯᠪᠤᠷᠢᠯᠠᠯᠲᠠ ᠶᠢᠨ ᠣᠷᠣᠨ ᠤ ᠬᠢᠨ ᠲᠣᠰ ᠤᠳᠠᠭᠠᠨ ᠤ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠤᠳᠤᠷᠢᠳᠤᠯᠭ᠎ᠠ ᠪᠠᠷ ᠦᠵᠡᠭᠦᠯᠦᠨ ᠬᠢᠨᠠᠭᠤᠯᠬᠤ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠩᠭᠠᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠵᠦᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠬᠤᠶᠠᠷ︶ ᠡᠯ᠎ᠡ ᠠᠲᠠᠷ ᠬᠠᠭᠠᠯᠪᠤᠷᠢᠯᠠᠯᠲᠠ ᠶᠢᠨ ᠣᠷᠣᠨ ᠨᠢ ᠪᠠᠶᠢᠴᠠᠭᠠᠯᠲᠠ ᠶᠢᠨ ᠬᠦᠰᠦᠨᠦᠭᠲᠦ ᠶᠢ ᠬᠢᠨᠠᠮᠠᠭᠠᠢ ᠲᠠᠭᠯᠠᠨ ᠮᠡᠳᠡᠭᠦᠯᠬᠦ ᠶᠢᠨ ᠬᠠᠮᠲᠤ ᠵᠠᠳᠠᠯᠤᠯᠲᠠ ᠬᠢᠵᠦ ᠬᠠᠷᠢᠭᠤ ᠮᠡᠳᠡᠭᠦᠯᠬᠦ ᠮᠠᠲ᠋ᠧᠷᠢᠶᠠᠯ ᠢ ᠪᠣᠶ ᠪᠣᠯᠭᠠᠵᠤ᠂ ᠵᠢᠩᠬᠢᠨᠢ ᠪᠢᠴᠢᠭ ᠮᠠᠲ᠋ᠧᠷᠢᠶᠠᠯ ᠢ 2022 ᠣᠨ ᠤ 9 ᠰᠠᠷ᠎ᠠ ᠶᠢᠨ 20 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃      ᠬᠠᠷᠢᠯᠴᠠᠬᠤ ᠬᠥᠮᠥᠨ᠄ ᠭᠦᠸᠧ ᠶᠦᠩ ᠴᠤᠸᠠᠨ      ᠬᠠᠷᠢᠯᠴᠠᠬᠤ ᠣᠲᠠᠰᠤ ᠄ 13948414142      ᠢᠮᠧᠯ᠄ nmgyc163@163.com      ᠰᠢᠤᠳᠠᠨ ᠢᠶᠠᠷ ᠶᠠᠪᠤᠭᠤᠯᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷᠲᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ       ᠳᠠᠭᠠᠯᠳᠣᠭᠤᠯᠣᠯ ᠄ ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠪᠠ ᠲᠥᠷᠥᠯ ᠵᠦᠢᠯ ᠤᠨ ᠪᠡᠯᠡ ᠮᠥᠩᠭᠦ ᠶᠢ ᠮᠡᠳᠡᠭᠦᠯᠦᠨ ᠬᠦᠷᠭᠡᠭᠰᠡᠨ ᠪᠠᠶᠢᠳᠠᠯ ᠤᠨ ᠲᠤᠬᠠᠢ ᠮᠡᠳᠡᠭᠳᠡᠯ                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                           ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                       2022 ᠣᠨ ᠤ 9 ᠰᠠᠷ᠎ᠠ ᠶᠢᠨ 14 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号