︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠭᠡᠷᠡᠴᠢᠯᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/9/23
ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠵᠢᠴᠢ ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ᠄      ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠵᠤ᠂ ᠮᠠᠨ ᠤ ᠣᠷᠣᠨ ᠤ ᠦᠨᠳᠦᠰᠦᠨ ᠱᠠᠲᠤᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ  ᠶᠢᠨ ᠲᠤᠰᠠᠳᠠ᠂ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠬᠤ ᠠᠷᠭ᠎ᠠ︾ ᠶᠢᠨ ᠱᠠᠭᠠᠷᠳᠠᠯᠭ᠎ᠠ ᠪᠠ 2022 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠶᠢᠴᠠᠭᠠᠨ ᠬᠡᠮᠵᠢᠬᠦ ᠴᠢᠳᠠᠪᠤᠷᠢ  ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠯᠥᠪᠯᠡᠭᠡ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠢᠩᠬᠢᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠤᠨ ᠠᠮᠤᠷ ᠲᠦᠪᠰᠢᠨ ᠬᠢᠭᠡᠳ ᠪᠠᠶᠢᠴᠠᠭᠠᠨ ᠬᠡᠮᠵᠢᠬᠦ ᠰᠤᠳᠤᠯᠭᠠᠨ ᠤ ᠭᠠᠵᠠᠷ ᠲᠤ ᠨᠠᠶᠢᠳᠠᠵᠣ᠂ 10 ᠰᠠᠷ᠎ᠠ ᠶᠢᠨ ᠳᠤᠮᠳᠠᠴᠢ ᠪᠠᠷ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠡᠮ ᠤᠨ ᠵᠦᠢᠯ ᠤᠨ ᠦᠯᠡᠳᠡᠭᠳᠡᠯ ᠵᠢᠴᠢ ᠬᠦᠨᠳᠦ ᠲᠡᠮᠦᠷᠯᠢᠭ ᠤᠨ ᠪᠣᠬᠢᠷᠳᠤᠯ ᠪᠣᠳᠠᠰ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠨᠤᠲᠠᠯᠠᠵᠤ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠬᠦ ᠪᠠᠷ ᠪᠣᠢ ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠭᠡᠷᠡᠴᠢᠯᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ ᠂ ᠵᠢᠷᠤᠮᠯᠠᠨ ᠬᠡᠷᠡᠭᠵᠢᠭᠦᠯᠲᠦᠭᠡᠢ᠃       ᠳᠠᠭᠠᠯᠳᠣᠭᠤᠯᠣᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠭᠡᠷᠡᠴᠢᠯᠡᠬᠦ ᠠᠵᠢᠯ ᠤᠨ ᠬᠡᠷᠡᠭᠵᠢᠭᠦᠯᠬᠦ ᠲᠥᠰᠥᠯ︾                            ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                           ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                           2022 ᠣᠨ ᠤ 9 ᠰᠠᠷ᠎ᠠ ᠶᠢᠨ 20 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号