ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ᠂ | ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ᠂ ᠲᠢᠩᠬᠢᠮ ᠤᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠤ᠄ | ᠮᠠᠯᠴᠢᠨ ᠲᠠᠷᠢᠶᠠᠴᠢᠨ ᠪᠣᠯᠣᠨ ᠬᠡᠷᠡᠭᠯᠡᠭᠴᠢᠳ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠨᠡᠶᠢᠭᠡᠮ ᠤᠨ ᠬᠠᠮᠲᠤ ᠶᠢᠨ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽2022 ᠣᠨ ᠤ ᠢᠳᠡᠭᠡᠨ ᠤ ᠠᠮᠤᠷ ᠲᠦᠪᠰᠢᠨ ᠤ | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠮᠡᠳᠡᠭᠳᠡᠯ︾ ︵ᠥᠪᠥᠷ ᠢᠳᠡᠭᠡᠨ ᠡᠮ | ᠠᠮᠤᠷ ᠵᠥᠪᠯᠡᠯ ᠠᠯᠪᠠᠨ ᠲᠠᠷᠬᠠᠭᠠᠭᠰᠠᠨ ﹇2022﹈ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠰᠢᠯᠭᠠᠨ | ᠬᠢᠨᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠤᠨ᠂ 9 ᠰᠠᠷ᠎ᠠ ᠶᠢᠨ 14 ᠤ ᠡᠳᠦᠷ ᠲᠤ ᠪᠥᠬᠦ | ᠣᠷᠣᠨ ᠳᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠭᠤᠣᠯ ᠰᠡᠳᠦᠪᠲᠦ ᠡᠳᠦᠷᠯᠢᠭ ᠤᠨ ᠠᠵᠢᠯᠯᠠᠭ᠎ᠠ | ᠥᠷᠨᠢᠭᠦᠯᠬᠦ ᠪᠠᠷ ᠲᠤᠭᠲᠠᠪᠠ ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ ᠃ | ᠨᠢᠭᠡ᠂ ᠠᠵᠢᠯᠯᠠᠭ᠎ᠠ ᠶᠢᠨ ᠭᠤᠣᠯ ᠰᠡᠳᠦᠪ | ᠢᠳᠡᠭᠡᠨ ᠤ ᠠᠮᠤᠷ ᠲᠦᠪᠰᠢᠨ ᠤ ᠰᠢᠨ᠎ᠡ ᠬᠥᠭᠵᠢᠯᠲᠡ ᠶᠢ ᠬᠠᠮᠲᠤ ᠪᠠᠷ ᠡᠭᠦᠳᠴᠦ᠂ ᠰᠠᠶᠢᠨ ᠰᠠᠶᠢᠬᠠᠨ ᠰᠢᠨ᠎ᠡ | ᠠᠮᠢᠳᠤᠷᠠᠯ ᠢ ᠬᠠᠮᠲᠤ ᠪᠠᠷ ᠡᠳ᠋ᠯᠡᠶ᠎ᠡ ︱ ︱ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠪᠢᠳᠡ ᠪᠦᠬᠦᠨ ᠳᠤ ᠬᠤᠯᠪᠤᠭᠳᠠᠨᠠᠮ᠂ ᠬᠦᠮᠦᠨ ᠪᠦᠬᠦᠨ ᠬᠠᠷᠢᠭᠤᠴᠠᠯᠭ᠎ᠠ ᠲᠠᠢ | ᠬᠤᠶᠠᠷ ᠂ ᠬᠤᠷᠠᠯ ᠤᠨ ᠲᠠᠯᠠᠪᠠᠢ ᠶᠢᠨ ᠪᠠᠶᠢᠷᠢᠯᠠᠭᠤᠯᠤᠯᠲᠠ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠨᠢ ᠬᠥᠬᠡᠬᠤᠲᠠ ᠳᠤ ᠭᠡᠷ ᠳᠣᠲᠣᠷᠠᠬᠢ ᠭᠤᠣᠯ ᠬᠤᠷᠠᠯ ᠤᠨ ᠲᠠᠯᠠᠪᠠᠶ ᠭᠠᠷᠭᠠᠨ᠎ᠠ︔ ᠡᠯ᠎ᠡ | ᠠᠶᠢᠮᠠᠭ ᠬᠤᠲᠠ ᠬᠢᠭᠡᠳ ᠠᠶᠢᠮᠠᠭ ᠬᠤᠲᠠ ᠶᠢᠨ ᠪᠠᠶᠢᠭ᠎ᠠ ᠬᠤᠰᠢᠭᠤ ︵ᠰᠢᠶᠠᠨ᠂ ᠲᠣᠭᠤᠷᠢᠭ︶ ᠨᠢ ᠭᠡᠷ ᠤᠨ | ᠭᠠᠳᠠᠨᠠᠬᠢ ᠬᠤᠪᠢᠶᠠᠷᠢ ᠬᠤᠷᠠᠯ ᠤᠨ ᠲᠠᠯᠠᠪᠠᠶ ᠶᠢ ᠬᠠᠮᠲᠤᠷᠠᠨ ᠲᠣᠬᠢᠷᠠᠭᠤᠯᠤᠨ᠎ᠠ︔ ᠪᠤᠰᠤᠳ ᠬᠤᠰᠢᠭᠤ ᠰᠢᠶᠠᠨ ᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠭᠡᠷ ᠤᠨ ᠭᠠᠳᠠᠨᠠᠬᠢ ᠬᠤᠪᠢᠶᠠᠷᠢ ᠬᠤᠷᠠᠯ ᠤᠨ ᠲᠠᠯᠠᠪᠠᠶ ᠶᠢ | ᠠᠰᠲᠠᠭᠠᠨ ᠭᠠᠷᠭᠠᠨ᠎ᠠ᠃ | ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠶ ᠶᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠲᠥᠪ ᠤᠨ 2 ᠳ᠋ᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠪᠠᠶᠢᠷᠢᠯᠡᠭᠤᠯᠤᠨᠠ ᠂ ᠬᠠᠶ᠋ᠢᠭ᠄ | ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠤᠨ 32 ᠳ᠋ᠤᠭᠠᠷ ᠨᠣᠮᠧᠷ ︵ ᡂᠢ ᠢᠦᠢ ᠬᠡᠢ ᠨᠡᠮᠡᠬᠦ ᠥᠷᠲᠡᠭᠡ ᠶᠢᠨ | ᠲᠠᠰᠢᠭᠤ ᠡᠰᠡᠷᠭᠦ ᠲᠠᠯ᠎ᠠ︶᠃ | ᠭᠤᠷᠪᠠ ᠂ ᠬᠤᠷᠠᠯ ᠳᠤ ᠣᠷᠣᠯᠴᠠᠭᠰᠠᠳ | ᠭᠤᠣᠯ ᠬᠤᠷᠠᠯ ᠤᠨ ᠲᠠᠯᠠᠪᠠᠶ ᠳᠤ ᠣᠷᠣᠯᠴᠠᠭᠰᠠᠳ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠤᠪᠢᠳᠠᠨ ᠬᠠᠮᠢᠶᠠᠷᠬᠤ ᠲᠢᠩᠬᠢᠮ ᠤᠨ | ᠤᠳᠤᠷᠢᠳᠤᠯᠭ᠎ᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ᠂ ᠬᠢᠨᠠᠯᠲᠠ ᠬᠠᠮᠢᠶᠠᠷᠣᠯᠲᠠ ᠶᠢᠨ ᠭᠠᠵᠠᠷ᠂ | ᠲᠠᠷᠢᠮᠠᠯ ᠤᠨ ᠦᠢᠯᠡᠰ ᠤᠨ ᠭᠠᠵᠠᠷ᠂ ᠮᠠᠯ ᠠᠵᠤ ᠠᠬᠤᠢ ᠶᠢᠨ ᠲᠣᠪᠴᠢᠶ᠎ᠠ᠂ ᠮᠠᠯ ᠡᠮᠨᠡᠯᠭᠡ ᠶᠢᠨ ᠲᠣᠪᠴᠢᠶ᠎ᠠ᠂ | ᠵᠢᠭᠠᠰᠤᠨ ᠠᠵᠤ ᠦᠢᠯᠡᠰ ᠤᠨ ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠤᠯᠪᠣᠭᠳᠠᠯ ᠪᠦᠬᠦᠢ | ᠬᠥᠮᠥᠰ ᠪᠣᠯᠣᠨ᠎ᠠ᠃ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠭᠰᠠᠳ ᠨᠢ ᠥᠪᠡᠷᠲᠡᠭᠡᠨ ᠵᠠᠰᠠᠬᠤ ᠣᠷᠣᠨ ᠤ | ᠬᠥᠮᠥᠰ ᠲᠠᠢ ᠬᠠᠷᠢᠴᠠᠭᠤᠯᠬᠤ ᠠᠴᠠ ᠭᠠᠳᠠᠨ᠎ᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠶᠢᠨ ᠬᠢᠨᠠᠨ ᠬᠠᠮᠢᠶᠠᠷᠤᠭᠴᠢ᠂ ᠲᠣᠰᠬᠤᠨ ᠤ ᠱᠠᠲᠤᠨ ᠤ ᠬᠠᠪᠰᠤᠷᠤᠨ ᠬᠠᠮᠢᠶᠠᠷᠤᠭᠴᠢ ᠶᠢ | ᠵᠣᠬᠢᠶᠠᠨ ᠪᠠᠶᠢᠭᠤᠯᠤᠨ ᠣᠷᠣᠯᠴᠠᠭᠤᠯᠤᠨ᠎ᠠ᠃ | ᠳᠥᠷᠪᠡ᠂ ᠤᠬᠠᠭᠤᠯᠬᠤ ᠠᠭᠤᠯᠭ᠎ᠠ | ︵ᠨᠢᠭᠡ︶ ᠭᠤᠣᠯ ᠬᠤᠷᠠᠯ ᠤᠨ ᠲᠠᠯᠠᠪᠠᠶ ᠶᠢᠨ ᠠᠭᠤᠯᠭ᠎ᠠ᠃ ᠬᠤᠪᠢᠳᠠᠨ ᠬᠠᠮᠢᠶᠠᠷᠬᠤ ᠤᠳᠤᠷᠢᠳᠤᠯᠭ᠎ᠠ | ᠪᠠᠶᠠᠷ ᠤᠨ ᠦᠭᠡ ᠬᠡᠯᠡᠵᠦ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠤᠨ ᠭᠤᠣᠯ ᠰᠡᠳᠦᠪᠲᠦ ᠡᠳᠦᠷᠯᠢᠭ ᠤᠨ ᠠᠵᠢᠯᠯᠠᠭ᠎ᠠ ᠡᠬᠢᠯᠡᠭᠰᠡᠨ ᠢ ᠵᠠᠷᠯᠠᠨ᠎ᠠ︔ ︽ ᠪᠠᠷᠢᠮᠵᠢᠶᠠᠨ ᠳᠤ | ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ︾ ᠂ ︽ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠥᠷᠵᠢᠭᠤᠯᠤᠭᠰᠠᠨ ᠬᠠᠮᠢᠶᠠᠷᠤᠯᠲᠠ︾ ᠪᠠ | ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︾ ᠤ | ᠤᠬᠠᠭᠤᠯᠭ᠎ᠠ ᠶᠢᠨ ᠵᠢᠵᠢᠭ ᠸᠢᠳᠢᠤ᠋ ᠶᠢ ᠨᠡᠶᠢᠲᠡᠯᠡᠨ᠎ᠡ︔ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠬᠦᠷᠢᠶ᠎ᠡ ᠴᠠᠷᠠᠭᠠᠨ ᠳᠠᠬᠢ ᠨᠡᠶᠢᠲᠡᠯᠢᠭ ᠵᠢᠱᠢᠶ᠎ᠡ ᠶᠢ ᠵᠠᠷᠯᠠᠨ᠎ᠠ︔ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠭᠠᠵᠠᠷ ᠂ ᠲᠠᠷᠢᠮᠠᠯ ᠤᠨ ᠦᠢᠯᠡᠰ ᠤᠨ ᠭᠠᠵᠠᠷ ᠂ ᠮᠠᠯ ᠡᠮᠨᠡᠯᠭᠡ ᠶᠢᠨ ᠲᠣᠪᠴᠢᠶ᠎ᠠ ᠂ | ᠵᠢᠭᠠᠰᠤᠨ ᠠᠵᠤ ᠦᠢᠯᠡᠰ ᠤᠨ ᠲᠣᠪᠴᠢᠶ᠎ᠠ ᠠᠴᠠ ᠠᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ | ᠦᠷ᠎ᠡ ᠪᠦᠲᠦᠮᠵᠢ ᠶᠢᠨ ᠦᠷ᠎ᠡ ᠪᠦᠲᠦᠭᠡᠯ ᠢᠶᠠᠨ ᠨᠡᠶᠢᠲᠡᠯᠡᠨ᠎ᠡ᠃ | ︵ᠬᠤᠶᠠᠷ︶ ᠡᠯ᠎ᠡ ᠠᠶᠢᠮᠠᠭ ᠬᠤᠲᠠ ᠵᠢᠴᠢ ᠬᠤᠰᠢᠭᠤ ᠰᠢᠶᠠᠨ ᠤ ᠭᠡᠷ ᠤᠨ ᠭᠠᠳᠠᠨᠠᠬᠢ ᠬᠤᠪᠢᠶᠠᠷᠢ ᠬᠤᠷᠠᠯ ᠤᠨ | ᠲᠠᠯᠠᠪᠠᠶ ᠶᠢᠨ ᠠᠵᠢᠯᠯᠠᠭ᠎ᠠ ᠶᠢᠨ ᠠᠭᠤᠯᠭ᠎ᠠ᠃ ᠭᠤᠣᠯ ᠬᠤᠷᠠᠯ ᠤᠨ ᠲᠠᠯᠠᠪᠠᠢ ᠶᠢᠨ ᠠᠵᠢᠯᠯᠠᠭᠠᠨ ᠤ ᠠᠭᠤᠯᠭ᠎ᠠ ᠶᠢ | ᠰᠢᠭᠤᠳ ᠨᠡᠪᠲᠡᠷᠡᠭᠦᠯᠦᠨ᠎ᠡ︔ ᠲᠦᠷᠭᠡᠨ ᠬᠡᠮᠵᠢᠯᠲᠡ᠂ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ | ᠲᠡᠩᠴᠡᠭᠰᠡᠨ ᠦᠨᠡᠮᠯᠡᠯ ᠤᠨ ᠭᠠᠷᠭᠠᠬᠤ ᠶᠠᠪᠤᠴᠠ ᠶᠢ ᠲᠤᠬᠠᠢ ᠶᠢᠨ ᠲᠠᠯᠠᠪᠤᠷ ᠲᠤ ᠰᠣᠷᠢᠵᠦ ᠦᠵᠡᠭᠦᠯᠬᠦ ᠶᠢᠨ ᠬᠠᠮᠲᠤ | ᠮᠠᠳᠠᠭ ᠲᠠᠢ ᠠᠰᠠᠭᠤᠳᠠᠯ ᠢ ᠨᠢ ᠬᠠᠷᠢᠭᠤᠯᠬᠤ ᠶᠢ ᠵᠡᠷᠭᠡ ᠪᠠᠷ ᠥᠷᠨᠢᠭᠦᠯᠵᠦ ᠂ ︽ᠢᠳᠡᠭᠡᠨ ᠤ ᠳᠣᠲᠣᠷᠠᠬᠢ ᠲᠠᠷᠢᠶᠠᠨ | ᠡᠮ ᠤᠨ ᠦᠯᠡᠳᠡᠭᠳᠡᠯ ᠤᠨ ᠬᠠᠮᠤᠭ ᠤᠨ ᠶᠡᠭᠡ ᠬᠢᠵᠠᠭᠠᠷ ᠬᠡᠮᠵᠢᠶ᠎ᠡ︾ ᠪᠠ ︽ᠢᠳᠡᠭᠡᠨ ᠤ ᠳᠣᠲᠣᠷᠠᠬᠢ ᠮᠠᠯ ᠤᠨ | ᠡᠮ ᠤᠨ ᠦᠯᠡᠳᠡᠭᠳᠡᠯ ᠤᠨ ᠬᠠᠮᠤᠭ ᠤᠨ ᠶᠡᠭᠡ ᠬᠢᠵᠠᠭᠠᠷ ᠬᠡᠮᠵᠢᠶ᠎ᠡ︾ ᠶᠢᠨ ᠤᠶᠢᠯᠠᠭᠠᠮᠵᠢᠳᠠᠢ ᠬᠠᠭᠤᠳᠠᠰᠤ ᠶᠢ | ᠲᠠᠷᠬᠠᠭᠠᠨ᠎ᠠ︔ ︽ᠪᠣᠬᠢᠷᠳᠤᠯ ᠦᠭᠡᠢ ᠢᠳᠡᠭᠡᠨ ᠤ ᠮᠡᠳᠡᠯᠭᠡ ᠶᠢᠨ ᠭᠠᠷ ᠳᠡᠪᠲᠡᠷ︾ ᠂ ︽ᠤᠯᠤᠰ ᠤᠨ ᠬᠡᠷᠡᠭᠯᠡᠬᠦ ᠶᠢ | ᠴᠠᠭᠠᠵᠠᠯᠠᠭᠰᠠᠨ ᠪᠠ ᠬᠢᠵᠠᠭᠠᠷᠯᠠᠭᠰᠠᠨ ᠲᠠᠷᠢᠶᠠᠨ ᠡᠮ ᠤᠨ ᠨᠡᠷᠡᠰ ᠤᠨ ᠵᠢᠭᠰᠠᠭᠠᠯᠲᠠ ︵2022︶︾᠂ | ︽ᠢᠳᠡᠭᠡᠨ ᠤ ᠠᠮᠢᠲᠠᠨ ᠳᠤ ᠬᠡᠷᠡᠭᠯᠡᠬᠦ ᠶᠢ ᠴᠠᠭᠠᠵᠠᠯᠠᠭᠰᠠᠨ ᠡᠮ ᠤᠨ ᠵᠦᠢᠯ ᠵᠢᠴᠢ ᠪᠤᠰᠤᠳ ᠨᠡᠶᠢᠯᠡᠮᠡᠯ ᠪᠣᠳᠠᠰ ᠤᠨ | ᠭᠠᠷᠴᠠᠬᠯᠠᠯ ︾᠂ ︽ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠡᠮ︾ ᠤᠨ ᠤᠶᠢᠯᠠᠭᠠᠮᠵᠢᠳᠠᠢ | ᠬᠠᠭᠤᠳᠠᠰᠤ ᠂ ︽ᠰᠠᠨᠠᠭ᠎ᠠ ᠠᠮᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠤᠬᠠᠭᠤᠯᠭ᠎ᠠ︾ ᠶᠢᠨ | ᠤᠶᠢᠯᠠᠭᠠᠮᠵᠢᠳᠠᠢ ᠬᠠᠭᠤᠳᠠᠰᠣ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ | ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ︾ ᠮᠡᠳᠡᠯᠭᠡ᠂ ︽ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ | ᠡᠮ ᠤᠨ ᠬᠡᠷᠡᠭᠯᠡᠯᠲᠡ ᠶᠢᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ︾ ᠵᠢᠴᠢ ︽ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠠᠭᠤᠷᠮᠠᠭ ᠢ ᠲᠠᠨᠢᠬᠤ ᠬᠠᠭᠤᠷᠮᠠᠭ ᠢ ᠢᠯᠭᠠᠬᠤ ᠬᠠᠭᠤᠷᠮᠠᠭ ᠲᠤ ᠴᠣᠬᠢᠯᠲᠠ ᠥᠭᠬᠦ ᠮᠡᠳᠡᠯᠭᠡ︾ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠎ᠠ ︔ ᠡᠯ᠎ᠡ ᠠᠶᠢᠮᠠᠭ ᠬᠤᠲᠠ ᠪᠤᠶᠤ ᠬᠤᠰᠢᠭᠤ ᠰᠢᠶᠠᠨ ᠤ ᠬᠤᠪᠢᠶᠠᠷᠢ | ᠬᠤᠷᠠᠯ ᠤᠨ ᠲᠠᠯᠠᠪᠠᠶ ᠨᠢ ᠪᠣᠳᠠᠲᠠᠢ ᠲᠠᠢ ᠪᠠᠨ ᠤᠶᠠᠯᠳᠤᠭᠤᠯᠤᠨ ᠭᠤᠣᠯ ᠰᠡᠳᠦᠪᠲᠦ ᠠᠵᠢᠯᠯᠠᠭ᠎ᠠ ᠯᠤᠭ᠎ᠠ | ᠬᠤᠯᠪᠣᠭᠳᠠᠬᠤ ᠪᠤᠰᠤᠳ ᠠᠵᠢᠯᠯᠠᠭ᠎ᠠ ᠶᠢ ᠥᠷᠨᠢᠭᠦᠯᠵᠦ ᠪᠣᠯᠣᠨ᠎ᠠ᠃ | ︵ᠭᠤᠷᠪᠠ︶ ᠰᠢᠷᠢᠰ ᠠᠵᠢᠯᠯᠠᠭ᠎ᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠳ ᠲᠣᠰ ᠤᠳᠠᠭᠠᠨ ᠤ ᠲᠥᠪᠯᠡᠷᠡᠭᠦᠯᠦᠨ ᠠᠵᠢᠯᠯᠠᠭ᠎ᠠ ᠬᠢᠬᠦ ᠴᠠᠭ ᠲᠣᠬᠢᠶᠠᠯ ᠢ ᠡᠵᠡᠮᠳᠡᠨ᠂ ᠡᠯᠪᠡᠭ ᠪᠠᠶᠠᠯᠢᠭ | ᠠᠭᠤᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠬᠡᠷᠡᠭᠲᠡᠢ᠃ ᠦᠢᠯᠡᠳᠪᠦᠷᠢᠯᠡᠯ ᠤᠨ ᠭᠤᠣᠯ ᠴᠣᠭᠴᠠ ᠶᠢᠨ | ᠢᠯᠡᠷᠬᠡᠢ ᠪᠠᠶᠢᠷᠢᠨ ᠳᠤ ᠬᠡᠷᠡᠭᠯᠡᠬᠦ ᠶᠢ ᠴᠠᠭᠠᠵᠠᠯᠠᠭᠰᠠᠨ ᠪᠠ ᠬᠢᠵᠠᠭᠠᠷᠯᠠᠭᠰᠠᠨ ᠡᠮ ᠤᠨ ᠨᠡᠷᠡᠰ ᠤᠨ ᠵᠢᠭᠰᠠᠭᠠᠯᠲᠠ ᠪᠠ | 2022 ᠣᠨ ᠤ ᠳᠡᠭᠡᠷ᠎ᠡ ᠬᠠᠭᠠᠰ ᠵᠢᠯ ᠤᠨ ᠲᠦᠭᠰᠢᠭᠦᠷᠢ ᠶᠢᠨ ᠰᠡᠷᠡᠮᠵᠢᠯᠡᠭᠦᠯᠦᠯ ᠤᠨ ᠰᠠᠨᠠᠭᠤᠯᠤᠮᠵᠢ ᠳᠤ ᠦᠯᠡᠳᠡᠭᠳᠡᠯ | ᠨᠢ ᠪᠠᠷᠢᠮᠵᠢᠶ᠎ᠠ ᠠᠴᠠ ᠨᠡᠯᠢᠶᠡᠳ ᠬᠡᠲᠦᠷᠡᠭᠰᠡᠨ ᠡᠩ ᠤᠨ ᠡᠮ ᠤᠨ ᠨᠡᠷᠡᠰ ᠤᠨ ᠵᠢᠭᠰᠠᠭᠠᠯᠲᠠ ᠶᠢ ᠨᠠᠭᠠᠬᠤ ᠪᠤᠶᠤ | ᠲᠠᠷᠬᠠᠭᠠᠬᠤ ᠬᠡᠷᠡᠭᠲᠡᠢ︔ 11 ᠭᠤᠣᠯᠳᠠᠯᠭ᠎ᠠ ᠲᠠᠢ ᠲᠥᠷᠥᠯ ᠵᠦᠢᠯ ᠤᠨ ᠵᠢᠯᠤᠭᠤᠳᠬᠤ ᠰᠠᠨᠠᠯ ᠢ ᠤᠶᠢᠯᠠᠭᠠᠮᠵᠢᠳᠠᠢ | ᠬᠠᠭᠤᠳᠠᠰᠤ ᠪᠣᠯᠭᠠᠨ ᠬᠤᠪᠢᠷᠠᠭᠤᠯᠵᠤ᠂ ᠦᠢᠯᠡᠳᠪᠦᠷᠢᠯᠡᠯ ᠤᠨ ᠭᠤᠣᠯ ᠴᠣᠭᠴᠠ ᠳᠤ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠤᠬᠠᠭᠤᠯᠭ᠎ᠠ ᠪᠣᠯᠪᠠᠰᠤᠷᠠᠭᠤᠯᠤᠯ ᠬᠢᠬᠦ ᠬᠡᠷᠡᠭᠲᠡᠢ︔ ᠬᠤᠶᠠᠷ ᠪᠠᠷᠢᠮᠵᠢᠶ᠎ᠠ ᠶᠢ ᠣᠶᠢᠯᠠᠭᠠᠬᠤ | ᠤᠶᠢᠯᠠᠭᠠᠮᠵᠢᠳᠠᠢ ᠬᠠᠭᠤᠳᠠᠰᠤ ᠶᠢᠨ ᠴᠠᠭᠠᠰᠤᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠤᠬᠠᠭᠤᠯᠭ᠎ᠠ ᠶᠢ | ᠥᠷᠨᠢᠭᠦᠯᠬᠦ ᠬᠡᠷᠡᠭᠲᠡᠢ ︔ ᠭᠤᠣᠯᠳᠠᠯᠭ᠎ᠠ ᠲᠠᠢ 11 ᠲᠥᠷᠥᠯ ᠵᠦᠢᠯ ᠤᠨ ᠵᠢᠯᠤᠭᠤᠳᠬᠤ ᠰᠠᠨᠠᠯ ᠤᠨ ᠵᠠᠷ ᠮᠡᠳᠡᠭᠡᠯᠡᠯ ᠂ | ᠬᠤᠶᠠᠷ ᠪᠠᠷᠢᠮᠵᠢᠶ᠎ᠠ ᠶᠢᠨ ᠤᠶᠢᠯᠠᠭᠠᠮᠵᠢᠳᠠᠢ ᠬᠠᠭᠤᠳᠠᠰᠤ ᠶᠢᠨ ᠵᠠᠷ ᠮᠡᠳᠡᠭᠡᠯᠡᠯ ᠢ ᠥᠷᠭᠡᠨ ᠢᠶᠠᠷ ᠤᠯᠠᠮᠵᠢᠯᠠᠨ | ᠲᠠᠷᠬᠠᠭᠠᠬᠤ ᠬᠡᠷᠡᠭᠲᠡᠢ᠃ | ᠲᠠᠪᠤ ᠂ ᠰᠦᠯᠵᠢᠶ᠎ᠡ ᠬᠤᠯᠪᠣᠬᠤ ᠬᠡᠯᠪᠡᠷᠢ | ᠰᠢᠨ ᠯᠠᠩ ᠥᠪᠥᠷ ᠮᠣᠩᠭᠤᠯ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠵᠢᠴᠢ ᠪᠢᠴᠢᠯ ᠪᠦᠷᠬᠡ ᠵᠡᠷᠭᠡ | ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠲᠤᠬᠠᠢ ᠶᠢᠨ ᠲᠠᠯᠠᠪᠤᠷ ᠤᠨ ᠰᠢᠭᠤᠳ ᠨᠡᠪᠲᠡᠷᠡᠭᠦᠯᠭᠡ | ᠬᠢᠨ᠎ᠡ ︵ᠳᠠᠭᠠᠯᠳᠤᠭᠤᠯᠤᠯ ᠳᠤ ᠦᠵᠡᠭᠡᠷᠡᠢ ︶᠃ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠶ | ᠬᠢᠭᠡᠳ ᠠᠶᠢᠮᠠᠭ ᠬᠤᠲᠠ ᠶᠢᠨ ᠪᠠᠶᠢᠭ᠎ᠠ ᠬᠤᠰᠢᠭᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠨᠢ ᠬᠠᠷᠢᠯᠴᠠᠨ | ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠶᠢ ᠪᠡᠶᠡᠯᠡᠭᠦᠯᠵᠦ᠂ ᠪᠤᠰᠤᠳ ᠬᠤᠰᠢᠭᠤ ᠰᠢᠶᠠᠨ ᠤ ᠬᠤᠪᠢᠶᠠᠷᠢ | ᠬᠤᠷᠠᠯ ᠤᠨ ᠲᠠᠯᠠᠪᠠᠶ ᠨᠢ ᠭᠤᠣᠯ ᠬᠤᠷᠠᠯ ᠤᠨ ᠲᠠᠯᠠᠪᠠᠶ ᠶᠢᠨ ᠠᠭᠤᠯᠭ᠎ᠠ ᠶᠢ ᠰᠢᠭᠤᠳ ᠨᠡᠪᠲᠡᠷᠡᠭᠦᠯᠦᠨ᠎ᠡ᠃ | ᠵᠢᠷᠭᠤᠭ᠎ᠠ ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ | ᠢᠳᠡᠭᠡᠨ ᠤ ᠠᠮᠤᠷ ᠲᠦᠪᠰᠢᠨ ᠤ ᠰᠢᠯᠭᠠᠨ ᠬᠢᠨᠠᠬᠤ ᠡᠭᠦᠷᠭᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠣᠨ᠎ᠠ ᠂ ᠡᠯ᠎ᠡ ᠠᠶᠢᠮᠠᠭ ᠬᠤᠲᠠ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠣᠨᠢᠨ ᠮᠡᠳᠡᠭᠡᠨ ᠤ | ᠵᠠᠭᠤᠴᠢᠯᠠᠭᠤᠷ ᠢ ᠭᠦᠢᠴᠡᠳ ᠳᠠᠶᠢᠴᠢᠯᠠᠨ᠂ ᠲᠤᠰᠬᠠᠢ ᠬᠥᠮᠥᠨ ᠲᠣᠬᠢᠷᠠᠭᠤᠯᠤᠨ ᠲᠣᠰ ᠤᠳᠠᠭᠠᠨ ᠤ ᠤᠬᠠᠭᠤᠯᠭ᠎ᠠ ᠶᠢᠨ | ᠠᠵᠢᠯᠯᠠᠭ᠎ᠠ ᠶᠢ ᠰᠠᠶᠢᠲᠤᠷ ᠠᠳᠬᠤᠵᠤ ᠪᠣᠳᠠᠲᠠᠢ ᠪᠠᠷ ᠠᠳᠬᠤᠬᠤ ᠬᠡᠷᠡᠭᠲᠡᠢ᠃ ᠡᠭᠦᠨ ᠤ ᠬᠠᠮᠲᠤ᠂ ᠠᠵᠢᠯᠯᠠᠭ᠎ᠠ ᠶᠢᠨ | ᠨᠥᠯᠥᠭᠡᠯᠡᠬᠦ ᠬᠦᠴᠦᠨ ᠢ ᠠᠰᠢᠭᠯᠠᠨ ᠦᠷᠭᠦᠯᠵᠢᠯᠡᠨ ᠤᠬᠠᠭᠤᠯᠬᠤ᠂ ᠪᠣᠯᠪᠠᠰᠤᠷᠠᠭᠤᠯᠬᠤ᠂ ᠳᠡᠯᠭᠡᠷᠡᠭᠦᠯᠬᠦ ᠶᠢ | ᠥᠷᠨᠢᠭᠦᠯᠵᠦ᠂ ᠠᠮᠤᠷ ᠲᠦᠪᠰᠢᠨ ᠢᠶᠠᠷ ᠡᠮ ᠬᠡᠷᠡᠭᠯᠡᠬᠦ ᠶᠢ ᠵᠢᠯᠤᠭᠤᠳᠬᠤ ᠶᠢ ᠪᠠᠶᠢᠩᠭᠤᠵᠢᠭᠤᠯᠵᠤ᠂ ᠬᠤᠶᠠᠷ | ᠪᠠᠷᠢᠮᠵᠢᠶ᠎ᠠ ᠶᠢᠨ ᠤᠬᠠᠭᠤᠯᠭ᠎ᠠ ᠶᠢ ᠪᠠᠶᠢᠩᠭᠤᠵᠢᠭᠤᠯᠵᠤ᠂ ᠬᠡᠷᠡᠭᠯᠡᠬᠦ ᠶᠢ ᠴᠠᠭᠠᠵᠠᠯᠠᠬᠤ ᠪᠠ ᠶᠡᠷᠦᠳᠡ ᠶᠢᠨ ᠡᠮ ᠢ | ᠮᠡᠳᠡᠭᠳᠡᠬᠦ ᠶᠢ ᠪᠠᠶᠢᠩᠭᠤᠵᠢᠭᠤᠯᠵᠤ᠂ ᠠᠮᠤᠷ ᠲᠦᠪᠰᠢᠨ ᠢᠶᠠᠷ ᠡᠮ ᠬᠡᠷᠡᠭᠯᠡᠬᠦ ᠮᠡᠳᠡᠯᠭᠡ ᠶᠢᠨ ᠲᠦᠭᠡᠮᠡᠯᠵᠢᠯᠲᠡ ᠶᠢᠨ | ᠨᠣᠷᠮ᠎ᠠ ᠶᠢ 100% ᠳᠤ ᠬᠦᠷᠭᠡᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ | ︵ᠬᠤᠶᠠᠷ︶ ᠭᠤᠣᠯ ᠬᠤᠷᠠᠯ ᠤᠨ ᠲᠠᠯᠠᠪᠠᠶ ᠪᠠ ᠬᠤᠪᠢᠶᠠᠷᠢ ᠬᠤᠷᠠᠯ ᠤᠨ ᠲᠠᠯᠠᠪᠠᠶ ᠳᠤ ᠠᠵᠢᠯᠯᠠᠭ᠎ᠠ ᠶᠢᠨ | ᠤᠷᠢᠶ᠎ᠠ ᠯᠣᠽᠦ᠋ᠩ ᠪᠤᠶᠤ ᠲᠣᠮᠣ ᠬᠡᠯᠪᠡᠷᠢ ᠶᠢᠨ ᠦᠵᠡᠭᠦᠯᠭᠡ ᠶᠢᠨ ᠰᠠᠮᠪᠠᠷ᠎ᠠ ᠪᠠᠶᠢᠷᠢᠯᠠᠭᠤᠯᠵᠤ ᠂ ︽ᠢᠳᠡᠭᠡᠨ ᠤ ᠠᠮᠤᠷ | ᠲᠦᠪᠰᠢᠨ ᠤ ᠰᠢᠨ᠎ᠡ ᠬᠥᠭᠵᠢᠯᠲᠡ ᠶᠢ ᠬᠠᠮᠲᠤ ᠪᠠᠷ ᠡᠭᠦᠳᠴᠦ᠂ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤ ᠪᠠᠷ | ᠡᠳ᠋ᠯᠡᠶ᠎ᠡ ︱ ︱ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ | ᠪᠢᠳᠡ ᠪᠦᠬᠦᠨ ᠳᠤ ᠬᠤᠯᠪᠤᠭᠳᠠᠨᠠᠮ᠂ ᠬᠦᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠠᠵᠢᠯᠯᠠᠭ᠎ᠠ ᠶᠢᠨ ᠤᠷᠢᠶ᠎ᠠ ᠶᠢ | ᠨᠢᠭᠡᠳᠦᠯᠲᠡᠢ ᠬᠡᠷᠡᠭᠯᠡᠬᠦ ᠶᠢᠨ ᠬᠠᠮᠲᠤ᠂ ᠢᠯᠡᠷᠬᠡᠢ ᠭᠠᠵᠠᠷ ᠲᠤ ︽ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠭᠠᠷᠠᠭ︾ ᠤᠨ ᠲᠡᠮᠳᠡᠭ ᠢ ᠳᠠᠷᠤᠮᠠᠯᠯᠠᠨ ᠦᠢᠯᠡᠳᠬᠦ ᠬᠡᠷᠡᠭᠲᠡᠢ ᠃ | ︵ᠭᠤᠷᠪᠠ︶ ᠪᠣᠶ ᠪᠦᠬᠦᠢ ᠬᠤᠪᠢᠶᠠᠷᠢ ᠬᠤᠷᠠᠯ ᠤᠨ ᠲᠠᠯᠠᠪᠠᠶ ᠶᠢᠨ ᠠᠵᠢᠯᠯᠠᠭ᠎ᠠ ᠳᠤ ᠬᠡᠷᠡᠯ ᠵᠢᠷᠤᠭ ᠤᠨ | ᠮᠠᠲ᠋ᠧᠷᠢᠶᠠᠯ ᠬᠠᠩᠭᠠᠵᠤ ᠭᠡᠷᠡᠴᠢ ᠮᠠᠲ᠋ᠧᠷᠢᠶᠠᠯ ᠪᠣᠯᠭᠠᠨ ᠂ ᠡᠯ᠎ᠡ ᠬᠤᠪᠢᠶᠠᠷᠢ ᠬᠤᠷᠠᠯ ᠤᠨ ᠲᠠᠯᠠᠪᠠᠶ ᠶᠢᠨ ᠬᠡᠷᠡᠯ ᠵᠢᠷᠤᠭ ᠢ | ᠬᠤᠰᠢᠭᠤ ᠰᠢᠶᠠᠨ ᠢᠶᠠᠷ ᠨᠢᠭᠡᠴᠢ ᠪᠣᠯᠭᠠᠨ ᠲᠤᠰᠠᠭᠠᠷ ᠪᠢᠴᠢᠭ ᠮᠠᠲ᠋ᠧᠷᠢᠶᠠᠯ ᠤᠨ ᠬᠠᠪᠴᠢᠭᠤᠷ ᠪᠠᠶᠢᠭᠤᠯᠵᠤ᠂ ᠠᠶᠢᠮᠠᠭ | ᠬᠤᠲᠠ ᠠᠴᠠ ᠬᠤᠷᠢᠶᠠᠩᠭᠤᠶᠢᠯᠠᠨ ᠬᠢᠨᠠᠨ ᠬᠠᠷᠭᠤᠭᠤᠯᠤᠭᠰᠠᠨ ᠤ ᠳᠠᠷᠠᠭ᠎ᠠ ᠲᠢᠩᠬᠢᠮ ᠤᠨ ᠬᠢᠨᠠᠯᠲᠠ ᠬᠠᠮᠢᠶᠠᠷᠣᠯᠲᠠ ᠶᠢᠨ | ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃ ᠵᠢᠷᠤᠭ ᠲᠤ᠄ ᠬᠡᠷᠡᠭᠯᠡᠬᠦ ᠶᠢ ᠴᠠᠭᠠᠵᠠᠯᠠᠭᠰᠠᠨ ᠪᠠ ᠬᠢᠵᠠᠭᠠᠷᠯᠠᠭᠰᠠᠨ | ᠡᠮ ᠤᠨ ᠵᠦᠢᠯ ᠬᠢᠭᠡᠳ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠡᠷᠦᠳᠡ ᠶᠢᠨ ᠡᠮ ᠤᠨ ᠨᠡᠷᠡᠰ ᠤᠨ | ᠵᠢᠭᠰᠠᠭᠠᠯᠲᠠ ᠶᠢᠨ ᠵᠢᠷᠤᠭ ᠢ ᠨᠠᠭᠠᠬᠤ᠂ 11 ᠲᠥᠷᠥᠯ ᠵᠦᠢᠯ ᠤᠨ ᠮᠡᠷᠭᠡᠵᠢᠯ ᠤᠨ ᠵᠢᠯᠣᠭᠤᠳᠤᠯᠭ᠎ᠠ ᠶᠢᠨ ᠰᠠᠨᠠᠯ ᠢ | ᠥᠷᠨᠢᠭᠦᠯᠦᠭᠰᠡᠨ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ᠂ ᠪᠣᠯᠪᠠᠰᠤᠷᠠᠭᠤᠯᠤᠯ ᠤᠨ ᠵᠢᠷᠤᠭ᠂ ᠠᠵᠢᠯᠯᠠᠭᠠᠨ ᠤ | ᠲᠤᠬᠠᠢ ᠶᠢᠨ ᠲᠠᠯᠠᠪᠤᠷ ᠤᠨ ᠵᠢᠷᠤᠭ᠂ ᠲᠦᠷᠭᠡᠨ ᠬᠡᠮᠵᠢᠯᠲᠡ᠂ ᠪᠠᠷᠢᠮᠵᠢᠶᠠᠨ ᠳᠤ ᠬᠦᠷᠦᠭᠦᠯᠬᠦ ᠠᠮᠠᠯᠠᠯᠲᠠ ᠶᠢᠨ ᠬᠢᠷᠢ | ᠲᠡᠩᠴᠡᠭᠰᠡᠨ ᠦᠨᠡᠮᠯᠡᠯ ᠤᠨ ᠰᠣᠷᠢᠯᠲᠠ ᠬᠢᠭᠰᠡᠨ ᠵᠢᠷᠤᠭ᠂ ᠤᠶᠢᠯᠠᠭᠠᠮᠵᠢᠳᠠᠢ ᠬᠠᠭᠤᠳᠠᠰᠤ ᠲᠠᠷᠬᠠᠭᠠᠭᠰᠠᠨ ᠵᠢᠷᠤᠭ᠂ | ᠬᠤᠶᠠᠷ ᠪᠠᠷᠢᠮᠵᠢᠶ᠎ᠠ ᠶᠢᠨ ᠤᠶᠢᠯᠠᠭᠠᠮᠵᠢᠳᠠᠢ ᠬᠠᠭᠤᠳᠠᠰᠤ ᠶᠢ ᠡᠷᠦᠬᠡ ᠳᠤ ᠣᠷᠣᠭᠤᠯᠣᠭᠰᠠᠨ ᠵᠢᠷᠤᠭ ᠵᠡᠷᠭᠡ | ᠠᠭᠤᠯᠭ᠎ᠠ ᠶᠢ ᠪᠠᠭᠲᠠᠭᠠᠨ᠎ᠠ᠃ ᠵᠢᠷᠤᠭ ᠢ ᠠᠰ ᠲᠤ ᠨᠢ ᠨᠡᠷᠡᠯᠡᠬᠦ ᠴᠢᠬᠤᠯᠠ ᠲᠠᠢ᠃ | ︵ᠳᠥᠷᠪᠡ︶ ᠭᠡᠷ ᠤᠨ ᠭᠠᠳᠠᠨᠠᠬᠢ ᠬᠤᠪᠢᠶᠠᠷᠢ ᠬᠤᠷᠠᠯ ᠤᠨ ᠲᠠᠯᠠᠪᠠᠶ ᠶᠢᠨ ᠤᠬᠠᠭᠤᠯᠭ᠎ᠠ ᠶᠢᠨ ᠮᠠᠲ᠋ᠧᠷᠢᠶᠠᠯ ᠤᠨ | ᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠬᠠᠩᠭᠠᠵᠤ᠂ ᠬᠤᠯᠪᠣᠭᠳᠠᠯ ᠪᠦᠬᠦᠢ ᠭᠠᠵᠠᠷ | ᠲᠣᠪᠴᠢᠶ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠥᠪ ᠠᠴᠠ 9 ᠰᠠᠷ᠎ᠠ ᠶᠢᠨ 10 ᠤ ᠡᠳᠦᠷ ᠠᠴᠠ ᠡᠮᠦᠨ᠎ᠡ ᠤᠬᠠᠭᠤᠯᠭ᠎ᠠ ᠶᠢᠨ ᠮᠠᠲ᠋ᠧᠷᠢᠶᠠᠯ᠂ ᠵᠢᠷᠤᠭᠲᠤ ᠳᠡᠪᠲᠡᠷ᠂ | ᠤᠶᠢᠯᠠᠭᠠᠮᠵᠢᠳᠠᠢ ᠬᠠᠭᠤᠳᠠᠰᠤ ᠶᠢᠨ ᠡᠯᠧᠺᠲᠷᠣᠨ ᠬᠡᠪᠯᠡᠯ ᠪᠤᠶᠤ ᠴᠠᠭᠠᠰᠤᠨ ᠬᠡᠪᠯᠡᠯ ᠢ ᠠᠶᠢᠮᠠᠭ ᠬᠤᠲᠠ ᠳᠤ | ᠲᠠᠷᠬᠠᠭᠠᠵᠤ᠂ ᠠᠶᠢᠮᠠᠭ ᠬᠤᠲᠠ ᠠᠴᠠ ᠬᠤᠰᠢᠭᠤ ᠰᠢᠶᠠᠨ ᠳᠤ ᠲᠠᠷᠬᠠᠭᠠᠨ᠎ᠠ᠃ | ︵ᠲᠠᠪᠤ︶ ᠡᠯ᠎ᠡ ᠬᠤᠪᠢᠶᠠᠷᠢ ᠬᠤᠷᠠᠯ ᠤᠨ ᠲᠠᠯᠠᠪᠠᠶ ᠨᠢ ᠰᠢᠭᠤᠳ ᠨᠠᠪᠲᠠᠷᠡᠭᠦᠯᠵᠦ ᠪᠣᠯᠬᠤ ᠭᠤᠣᠯ ᠬᠤᠷᠠᠯ ᠤᠨ | ᠲᠠᠯᠠᠪᠠᠶ ᠶᠢᠨ ᠠᠭᠤᠯᠭ᠎ᠠ ᠶᠢᠨ ᠲᠣᠮᠣ ᠳᠡᠯᠭᠡᠴᠡ ᠶᠢ ᠤᠷᠢᠳᠴᠢᠯᠠᠨ ᠪᠡᠯᠡᠳᠬᠡᠬᠦ ᠶᠢᠨ ᠬᠠᠮᠲᠤ ᠰᠢᠭᠤᠳ ᠨᠠᠪᠲᠠᠷᠡᠭᠦᠯᠵᠦ | ᠲᠤᠷᠰᠢᠨ ᠲᠣᠬᠢᠷᠠᠭᠤᠯᠬᠤ ᠵᠢᠭᠠᠨ ᠲᠣᠭᠲᠠᠭᠠᠭᠰᠠᠨ ᠠᠵᠢᠯᠲᠠᠨ ᠲᠠᠢ ᠵᠣᠯᠭᠠᠭᠤᠯᠵᠤ ᠳᠣᠬᠢᠶ᠎ᠠ ᠶᠢ ᠵᠣᠯᠭᠠᠭᠤᠯᠵᠤ | ᠲᠤᠷᠰᠢᠨ ᠲᠣᠬᠢᠷᠠᠭᠤᠯᠬᠤ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠡᠯ᠎ᠡ ᠬᠤᠪᠢᠶᠠᠷᠢ ᠬᠤᠷᠠᠯ ᠤᠨ | ᠲᠠᠯᠠᠪᠠᠶ ᠳᠤ ᠨᠢᠭᠡ ᠭᠤᠣᠯ ᠰᠡᠳᠦᠪᠲᠦ ᠡᠳᠦᠷᠯᠢᠭ ᠤᠨ ᠠᠵᠢᠯᠯᠠᠭ᠎ᠠ ᠶᠢᠨ ᠬᠠᠷᠢᠯᠴᠠᠬᠤ ᠬᠥᠮᠥᠨ ᠢ ᠵᠢᠭᠠᠨ | ᠲᠣᠭᠲᠠᠭᠠᠵᠤ᠂ ᠬᠢᠨᠠᠯᠲᠠ ᠬᠠᠮᠢᠶᠠᠷᠣᠯᠲᠠ ᠶᠢᠨ ᠭᠠᠵᠠᠷ ᠪᠣᠯᠣᠨ ᠰᠢᠭᠤᠳ ᠨᠡᠪᠲᠡᠷᠡᠭᠦᠯᠭᠡ ᠶᠢ ᠳᠠᠭᠠᠭᠠᠨ ᠭᠦᠢᠴᠡᠳᠬᠡᠬᠦ | ᠨᠢᠭᠡᠴᠢ ᠯᠦᠭᠡ ᠵᠣᠯᠭᠠᠭᠤᠯᠤᠨ ᠬᠠᠷᠢᠯᠴᠠᠬᠤ ᠶᠢ ᠰᠠᠶᠢᠲᠤᠷ ᠬᠢᠵᠦ᠂ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠬᠠᠷᠢᠯᠴᠠᠬᠤ ᠬᠥᠮᠥᠨ ᠤ ᠨᠡᠷᠡᠰ ᠪᠠ ᠬᠤᠪᠢᠶᠠᠷᠢ ᠬᠤᠷᠠᠯ ᠤᠨ ᠲᠠᠯᠠᠪᠠᠶ ᠶᠢᠨ | ᠠᠵᠢᠯᠯᠠᠭ᠎ᠠ ᠶᠢᠨ ᠭᠠᠵᠠᠷ ᠢ 9 ᠰᠠᠷ᠎ᠠ ᠶᠢᠨ 3 ᠤ ᠡᠳᠦᠷ ᠠᠴᠠ ᠡᠮᠦᠨ᠎ᠡ᠂ ᠠᠵᠢᠯᠯᠠᠭ᠎ᠠ ᠶᠢᠨ ᠳ᠋ᠦᠩᠨᠡᠯᠲᠡ | ︵ᠠᠵᠢᠯᠯᠠᠭ᠎ᠠ ᠶᠢᠨ ᠵᠢᠷᠤᠭ᠂ ᠣᠷᠣᠯᠴᠠᠭᠰᠠᠨ ᠬᠥᠮᠥᠨ ᠤ ᠲᠤᠭ᠎ᠠ᠂ ᠲᠤᠬᠠᠢ ᠶᠢᠨ ᠲᠠᠯᠠᠪᠠᠶ ᠶᠢᠨ ᠬᠠᠷᠢᠯᠴᠠᠨ | ᠬᠥᠳᠡᠯᠦᠯᠴᠡᠬᠦ ᠬᠥᠮᠥᠨ ᠤ ᠲᠤᠭ᠎ᠠ᠂ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠤᠳᠠᠭ᠎ᠠ᠂ ᠪᠣᠯᠪᠠᠰᠤᠷᠠᠭᠤᠯᠤᠯ ᠤᠨ | ᠤᠳᠠᠭ᠎ᠠ᠂ ᠥᠪᠡᠰᠦᠪᠡᠨ ᠰᠣᠩᠭᠤᠬᠤ ᠬᠥᠳᠡᠯᠭᠡᠭᠡᠨ ᠵᠡᠷᠭᠡ ᠠᠭᠤᠯᠭ᠎ᠠ ᠶᠢ ᠪᠠᠭᠲᠠᠭᠠᠨ᠎ᠠ︶ ᠶᠢ 9 ᠰᠠᠷ᠎ᠠ ᠶᠢᠨ 24 ᠤ | ᠡᠳᠦᠷ ᠠᠴᠠ ᠡᠮᠦᠨ᠎ᠡ᠂ ᠠᠶᠢᠮᠠᠭ ᠬᠤᠲᠠ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠲᠢᠩᠬᠢᠮ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ ᠲᠤ ᠨᠢᠭᠡᠳᠦᠯᠲᠡᠢ ᠮᠡᠳᠡᠭᠦᠯᠦᠨ ᠬᠦᠷᠭᠡᠭᠡᠷᠡᠢ᠃ | ︵ᠵᠢᠷᠭᠤᠭ᠎ᠠ︶ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠴᠢᠩᠭ᠎ᠠ ᠵᠢᠷᠤᠮᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ | ᠪᠠᠶᠢᠳᠠᠯ ᠲᠠᠢ ᠬᠤᠰᠢᠭᠤ ᠰᠢᠶᠠᠨ ᠳᠤ ᠬᠠᠮᠢᠶ᠎ᠠ ᠪᠦᠬᠦᠢ ᠠᠵᠢᠯᠯᠠᠭ᠎ᠠ ᠶᠢ ᠬᠤᠶᠢᠰᠢᠯᠠᠭᠤᠯᠤᠨ ᠥᠷᠨᠢᠭᠦᠯᠵᠦ ᠪᠣᠯᠣᠨ᠎ᠠ᠃ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠠᠷᠢᠯᠴᠠᠬᠤ | ᠬᠥᠮᠥᠨ᠄ ᠪᠠᠢ ᠹᠧᠩ᠂ ᠤᠲᠠᠰᠤ᠄ 15004731291 | ᠰᠢᠭᠤᠳ ᠨᠡᠪᠲᠡᠷᠡᠭᠦᠯᠭᠡ ᠶᠢᠨ ᠬᠠᠷᠢᠯᠴᠠᠬᠤ ᠬᠥᠮᠥᠨ᠄ ᠵᠣᠣ ᠵᠢᠶᠦ᠋ᠨ ᠶᠢᠩ᠂ ᠤᠲᠠᠰᠤ᠄ 15904811746 | ᠭᠤᠣᠯ ᠬᠤᠷᠠᠯ ᠤᠨ ᠲᠠᠯᠠᠪᠠᠢ ᠶᠢᠨ ᠬᠠᠷᠢᠯᠴᠠᠬᠤ ᠬᠥᠮᠥᠨ ᠄ ᠼᠦᠢ ᠯᠢ ᠭᠤᠸᠠᠩ ᠂ ᠤᠲᠠᠰᠤ ᠄ | 15560614885 | | | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠢᠳᠡᠭᠡᠨ ᠤ | ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪᠲᠦ ᠡᠳᠦᠷᠯᠢᠭ ᠤᠨ ᠰᠢᠭᠤᠳ ᠨᠡᠪᠲᠡᠷᠡᠭᠦᠯᠬᠦ | ᠲᠥᠰᠥᠯ | | | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | 2022 ᠣᠨ ᠤ 9 ᠰᠠᠷ᠎ᠠ ᠶᠢᠨ 2 ᠤᠨ ᠡᠳᠦᠷ | | | |