ᠰᠢᠯᠢ ᠶᠢᠨ ᠭᠤᠣᠯ ᠠᠶᠢᠮᠠᠭ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠮᠠᠯ ᠤᠨ ᠠᠮᠤᠷ ᠲᠦᠪᠰᠢᠨ ᠢᠶᠠᠷ ᠡᠪᠦᠯᠵᠢᠵᠦ ᠬᠠᠪᠤᠷᠵᠢᠬᠤ ᠶᠢ ᠪᠠᠲᠤᠯᠠᠵᠤ ᠪᠣᠢ
ᠨᠡᠶᠢᠲᠡᠯᠡᠭᠰᠡᠨ ᠴᠠᠭ᠄
2023/1/13
      ︽ᠡᠪᠦᠯ ᠪᠣᠯ ᠮᠠᠯ ᠤᠨ ᠲᠠᠷᠭᠤ ᠠᠪᠬᠤ ᠵᠠᠩᠭᠢᠯᠠᠭ᠎ᠠ ᠶᠢᠨ ᠴᠠᠭ ᠪᠠᠶᠢᠵᠤ᠂ ᠪᠢ ᠡᠪᠦᠯ ᠣᠷᠣᠬᠤ ᠠᠴᠠ ᠡᠮᠦᠨ᠎ᠡ ᠡᠪᠡᠰᠦ ᠪᠣᠷᠳᠤᠭ᠎ᠠ ᠪᠠᠨ ᠪᠡᠯᠡᠳᠬᠡᠵᠦ ᠡᠬᠢᠯᠡᠵᠡᠢ᠃ ᠤᠳᠤ ᠨᠢᠭᠡᠨᠲᠡ 40 ᠭᠠᠷᠤᠢ ᠲᠦᠮᠡᠨ ᠺᠢᠯᠣᠭ᠍ᠷᠠᠮ ᠡᠪᠦᠯᠵᠢᠬᠦ ᠡᠪᠡᠰᠦ ᠪᠣᠷᠳᠤᠭ᠎ᠠ ᠪᠠᠨ ᠨᠥᠭᠡᠴᠡᠯᠡᠪᠡ᠂ ᠳᠠᠷᠠᠭ᠎ᠠ ᠪᠠᠷ ᠪᠠᠰᠠ ᠪᠤᠰᠤᠳ ᠲᠡᠵᠢᠭᠡᠯ ᠪᠣᠷᠳᠤᠭ᠎ᠠ ᠪᠡᠯᠡᠳᠬᠡᠵᠦ᠂ ᠮᠠᠯ ᠢᠷᠡᠬᠦ ᠵᠢᠯ ᠤᠨ ᠬᠠᠪᠤᠷ ᠪᠣᠯᠲᠠᠯ᠎ᠠ ᠢᠳᠡᠵᠦ ᠭᠦᠢᠴᠡᠬᠦ ᠪᠠᠷ ᠨᠥᠭᠡᠴᠡᠯᠡᠨ᠎ᠡ︾᠃ ᠲᠦᠷᠦᠭᠦᠬᠡᠨ᠂ ᠰᠤᠷᠪᠤᠯᠵᠢᠯᠠᠭᠴᠢ ᠤᠯᠠᠭᠠᠢ ᠬᠠᠮᠢᠶᠠᠷᠤᠯᠲᠠ ᠶᠢᠨ ᠣᠷᠣᠨ ᠤ ᠤᠯᠠᠭᠠᠢ ᠮᠠᠯᠵᠢᠯ ᠤᠨ ᠲᠠᠯᠠᠪᠠᠶ ᠶᠢᠨ ᠮᠠᠯᠴᠢᠨ ᠾᠧ ᠴᠧᠩ ᠸᠧᠢ ᠶᠢᠨ ᠬᠠᠰᠢᠶᠠᠨ ᠳᠤ ᠨᠢ ᠦᠬᠡᠷ ᠬᠤᠨᠢ ᠡᠪᠡᠰᠦ ᠪᠣᠷᠳᠤᠭ᠎ᠠ ᠪᠠᠨ ᠢᠳᠡᠵᠦ᠂ ᠨᠢᠭᠡᠳ ᠨᠢᠭᠡ ᠪᠠᠷ ᠢᠶᠠᠨ ᠲᠠᠷᠭᠤ ᠰᠠᠶᠢᠲᠠᠢ ᠪᠠᠶᠢᠬᠤ ᠶᠢ ᠣᠯᠵᠤ ᠬᠠᠷᠠᠪᠠ᠃      ᠡᠪᠡᠰᠦ ᠪᠣᠷᠳᠤᠭ᠎ᠠ ᠨᠥᠭᠡᠴᠡᠯᠡᠬᠦ ᠪᠣᠯ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠬᠤᠯᠠ ᠨᠢᠭᠡ ᠭᠤᠭᠴᠤᠭ᠎ᠠ ᠪᠣᠯᠣᠨ᠎ᠠ᠃ ᠨᠢᠳᠤᠨᠤᠨ ᠡᠪᠦᠯ ᠠᠴᠠ ᠨᠠᠭᠠᠰᠢ᠂ ᠰᠢᠯᠢ ᠶᠢᠨ ᠭᠤᠣᠯ ᠠᠶᠢᠮᠠᠭ ᠤᠷᠢᠳ ᠬᠤᠵᠢᠳ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ ᠪᠠᠶᠢᠭᠠᠳ ᠮᠠᠯᠵᠢᠬᠤ ᠣᠷᠣᠨ ᠳᠤ ᠭᠦᠨᠵᠡᠭᠡᠶᠢᠷᠡᠭᠦᠯᠦᠨ ᠮᠠᠯᠴᠢᠳ ᠤᠨ ᠡᠪᠡᠰᠦ ᠪᠣᠷᠳᠤᠭ᠎ᠠ ᠨᠥᠭᠡᠴᠡᠯᠡᠭᠰᠡᠨ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠳᠤᠯᠠᠭᠠᠨ ᠬᠠᠰᠢᠶ᠎ᠠ ᠰᠠᠷᠠᠪᠴᠢ ᠶᠢᠨ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠮᠠᠯ ᠤᠨ ᠠᠮᠤᠷ ᠲᠦᠪᠰᠢᠨ ᠢᠶᠠᠷ ᠡᠪᠦᠯᠵᠢᠵᠦ ᠬᠠᠪᠤᠷᠵᠢᠬᠤ ᠪᠡᠯᠡᠳᠬᠡᠯ ᠠᠵᠢᠯ ᠤᠨ ᠪᠠᠶᠢᠳᠠᠯ ᠢ ᠣᠶᠢᠯᠠᠭᠠᠵᠤ᠂ ᠮᠠᠯᠴᠢᠨ ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠯᠭᠡᠵᠦ᠂ ᠮᠠᠯ ᠤᠨ ︽ᠬᠦᠨᠡᠰᠦ︾ ᠶᠢ ᠭᠦᠢᠴᠡᠳ ᠪᠡᠯᠡᠳᠬᠡᠵᠦ᠂ ᠮᠠᠯ ᠤᠨ ᠠᠮᠤᠷ ᠲᠦᠪᠰᠢᠨ ᠢᠶᠠᠷ ᠡᠪᠦᠯᠵᠢᠵᠦ ᠬᠠᠪᠤᠷᠵᠢᠬᠤ᠂ ᠮᠠᠯ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠵᠠᠢ᠃ ᠡᠭᠦᠨ ᠤ ᠬᠠᠮᠲᠤ᠂ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠬᠤᠰᠢᠭᠤ ᠰᠢᠶᠠᠨ ᠬᠤᠲᠠ ︵ᠲᠣᠭᠤᠷᠢᠭ︶᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠪᠡᠰᠦ ᠪᠣᠷᠳᠤᠭ᠎ᠠ ᠶᠢ ᠨᠢᠭᠡᠳᠦᠯᠲᠡᠢ ᠲᠥᠯᠥᠪᠯᠡᠨ ᠠᠰᠢᠭᠯᠠᠬᠤ ᠲᠦᠪᠰᠢᠨ ᠪᠠ ᠭᠠᠮᠰᠢᠭ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠪᠡ᠃ ᠣᠳᠣ ᠪᠣᠯᠲᠠᠯ᠎ᠠ᠂ ᠪᠥᠬᠦ ᠠᠶᠢᠮᠠᠭ ᠲᠤ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢ 142 ᠪᠠᠶᠢᠭᠤᠯᠵᠤ᠂ ᠡᠭᠦᠨ ᠳᠤ᠂ ᠬᠤᠰᠢᠭᠤ ᠰᠢᠶᠠᠨ ᠬᠤᠲᠠ ︵ᠲᠣᠭᠤᠷᠢᠭ︶ ᠶᠢᠨ ᠱᠠᠲᠤᠨ ᠳᠤ 14᠂ ᠰᠤᠮᠤ ᠪᠠᠯᠭᠠᠰᠤ ᠶᠢᠨ ᠱᠠᠲᠤᠨ ᠳᠤ 38᠂ ᠭᠠᠴᠠᠭ᠎ᠠ ᠶᠢᠨ ᠱᠠᠲᠤᠨ ᠳᠤ 90 ᠪᠠᠶᠢᠭᠤᠯᠵᠤ᠂ ᠨᠡᠶᠢᠲᠡ 16443.5 ᠲᠦᠮᠡᠨ ᠺᠢᠯᠣᠭ᠍ᠷᠠᠮ ᠡᠪᠡᠰᠦ ᠪᠣᠷᠳᠤᠭ᠎ᠠ ᠨᠥᠭᠡᠴᠡᠯᠡᠵᠦ᠂ ᠵᠢᠯ ᠤᠨ ᠡᠪᠡᠰᠦ ᠪᠣᠷᠳᠤᠭ᠎ᠠ ᠨᠥᠭᠡᠴᠡᠯᠡᠬᠦ ᠲᠥᠯᠥᠪᠯᠡᠭᠡ ᠪᠠᠨ ᠪᠡᠶᠡᠯᠡᠭᠦᠯᠵᠦ᠂ ᠪᠥᠬᠦ ᠠᠶᠢᠮᠠᠭ ᠤᠨ ᠭᠡᠨᠡᠳᠲᠡ ᠶᠢᠨ ᠪᠠᠶᠢᠭᠠᠯᠢ ᠶᠢᠨ ᠭᠠᠮᠰᠢᠭ ᠲᠠᠢ ᠲᠡᠮᠡᠴᠡᠬᠦ᠂ ᠭᠠᠮᠰᠢᠭ ᠢ ᠪᠠᠭᠠᠰᠬᠠᠬᠤ᠂ ᠭᠠᠮᠰᠢᠭ ᠢ ᠰᠡᠷᠭᠡᠶᠢᠯᠡᠬᠦ ᠵᠢᠴᠢ ᠮᠠᠯ ᠰᠥᠷᠦᠭ ᠤᠨ ᠠᠮᠤᠷ ᠲᠦᠪᠰᠢᠨ ᠢᠶᠠᠷ ᠡᠪᠦᠯᠵᠢᠵᠦ ᠬᠠᠪᠤᠷᠵᠢᠬᠤ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠦᠵᠡᠭᠦᠯᠪᠡ᠃      ᠡᠭᠦᠨ ᠠᠴᠠ ᠭᠠᠳᠠᠨ᠎ᠠ᠂ ᠰᠢᠯᠢ ᠶᠢᠨ ᠭᠤᠣᠯ ᠠᠶᠢᠮᠠᠭ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠡᠭᠦᠷᠭᠡ ᠶᠢ ᠣᠷᠣᠨ ᠨᠤᠲᠤᠭ ᠲᠤ ᠪᠠᠭᠤᠯᠭᠠᠬᠤ᠂ ᠪᠡᠯᠡ ᠮᠥᠩᠭᠦ ᠶᠢ ᠣᠷᠣᠨ ᠨᠤᠲᠤᠭ ᠲᠤ ᠬᠦᠷᠭᠡᠬᠦ᠂ ᠬᠠᠷᠢᠭᠤᠴᠠᠯᠭ᠎ᠠ ᠶᠢ ᠣᠷᠣᠨ ᠨᠤᠲᠤᠭ ᠲᠤ ᠲᠤᠰᠢᠶᠠᠬᠤ︾ ᠱᠠᠭᠠᠷᠳᠠᠯᠭ᠎ᠠ ᠶᠣᠰᠣᠭᠠᠷ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠢᠳᠡᠪᠬᠢᠲᠡᠢ ᠪᠠᠷ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠲᠥᠰᠥᠯ ᠲᠣᠭᠲᠠᠭᠠᠬᠤ᠂ ᠪᠣᠳᠠᠲᠠᠢ ᠭᠠᠵᠠᠷ ᠲᠤ ᠨᠢ ᠬᠡᠮᠵᠢᠬᠦ᠂ ᠮᠡᠷᠭᠡᠵᠢᠯ ᠤᠨ ᠵᠢᠯᠣᠭᠤᠳᠤᠯᠭ᠎ᠠ ᠬᠢᠬᠦ ᠵᠡᠷᠭᠡ ᠲᠠᠯ᠎ᠠ ᠪᠠᠷ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠪᠠ᠃ ᠣᠳᠣ ᠪᠣᠯᠲᠠᠯ᠎ᠠ᠂ 44.28 ᠲᠦᠮᠡᠨ ᠮᠦ ᠶᠢ ᠬᠠᠳᠤᠵᠤ ᠬᠤᠷᠢᠶᠠᠬᠤ ᠡᠭᠦᠷᠭᠡ ᠶᠢ ᠪᠡᠶᠡᠯᠡᠭᠦᠯᠵᠦ᠂ ᠡᠪᠡᠰᠦ ᠪᠣᠷᠳᠤᠭ᠎ᠠ ᠶᠢᠨ ᠨᠥᠭᠡᠴᠡ ᠶᠢᠨ ᠬᠡᠮᠵᠢᠶ᠎ᠡ 144.38 ᠲᠦᠮᠡᠨ ᠲᠣᠨ ᠳᠤ ᠬᠦᠷᠴᠦ᠂ ᠲᠣᠰ ᠲᠣᠰ ᠪᠠᠭᠤᠯᠭᠠᠭᠰᠠᠨ ᠡᠭᠦᠷᠭᠡ ᠶᠢᠨ 251%᠂ 297% ᠳᠤ ᠬᠦᠷᠴᠦ᠂ ᠮᠠᠯ ᠤᠨ ᠡᠪᠡᠰᠦ ᠪᠣᠷᠳᠤᠭ᠎ᠠ ᠶᠢᠨ ᠨᠥᠭᠡᠴᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号