ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠪᠠ ︽ᠲᠠᠪᠤᠨ ᠶᠡᠭᠡ ᠡᠬᠢᠯᠡᠯᠲᠡ︾ ᠶᠢᠨ ᠠᠵᠢᠯᠯᠠᠭ᠎ᠠ ᠶᠢᠨ ᠲᠤᠰᠬᠠᠢ  ᠲᠦᠷᠦᠯ ᠤᠨ ᠲᠣᠭᠤᠷᠢᠨ ᠪᠠᠶᠢᠴᠠᠭᠠᠯᠲᠠ ᠶᠢ ᠪᠡᠶᠡᠯᠡᠭᠦᠯᠵᠦ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2023/1/20
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠷ᠂ 1 ᠰᠠᠷ᠎ᠠ ᠶᠢᠨ 4 ᠤ ᠡᠳᠦᠷ ᠠᠴᠠ 10 ᠤ ᠡᠳᠦᠷ ᠪᠣᠯᠲᠠᠯ᠎ᠠ᠂ 13 ᠲᠣᠭᠤᠷᠢᠨ ᠪᠠᠶᠢᠴᠠᠭᠠᠬᠤ ᠳᠤᠭᠤᠶᠢᠯᠠᠩ ᠲᠣᠰ ᠲᠣᠰ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢᠨ 24 ᠪᠠᠶᠢᠭᠤᠯᠤᠯᠭ᠎ᠠ ᠨᠢᠭᠡᠴᠢ ᠪᠠ ᠲᠤᠰᠬᠠᠢ  ᠲᠦᠷᠦᠯ ᠤᠨ ᠲᠣᠭᠤᠷᠢᠨ ᠪᠠᠶᠢᠴᠠᠭᠠᠯᠲᠠ ᠶᠢᠨ 15 ᠭᠤᠣᠯᠳᠠᠯᠭ᠎ᠠ ᠲᠠᠢ ᠨᠢᠭᠡᠴᠢ ᠳᠤ ᠪᠠᠶᠢᠳᠠᠯ ᠢ ᠬᠠᠷᠢᠭᠤ ᠲᠤᠰᠬᠠᠪᠠ᠃ ᠬᠠᠷᠢᠭᠤ ᠲᠤᠰᠬᠠᠬᠤ ᠠᠴᠠ ᠡᠮᠦᠨ᠎ᠡ ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠪᠠ ︽ᠲᠠᠪᠤᠨ ᠶᠡᠭᠡ ᠡᠬᠢᠯᠡᠯᠲᠡ ︾  ᠶᠢᠨ ᠠᠵᠢᠯᠯᠠᠭ᠎ᠠ ᠶᠢᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠠᠶᠢᠷᠢᠯᠠᠭᠤᠯᠤᠯᠲᠠ ᠬᠢᠵᠦ ᠂ ᠱᠠᠭᠠᠷᠳᠠᠯᠭ᠎ᠠ ᠳᠤᠷᠠᠳᠴᠠᠢ ᠃      ᠬᠠᠷᠢᠭᠤ ᠲᠤᠰᠬᠠᠬᠤ ᠦᠶ᠎ᠡ ᠳᠤ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠨᠢᠭᠡᠴᠢ ᠶᠢᠨ ᠤᠳᠤᠷᠢᠳᠬᠤ ᠪᠠᠭ ᠲᠤ ᠰᠦᠨ ᠱᠤᠤ ᠴᠧᠩ ᠤᠨ ᠲᠣᠭᠤᠷᠢᠨ ᠪᠠᠶᠢᠴᠠᠭᠠᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ ᠃      ᠬᠠᠷᠢᠭᠤ ᠲᠤᠰᠬᠠᠯ ᠳᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ ᠂ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠴᠢᠩᠭᠠᠳᠬᠠᠵᠤ ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠵᠢᠯ ᠢᠶᠠᠨ ᠥᠷᠨᠢᠭᠦᠯᠵᠦ ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠡᠯ᠎ᠡ ᠵᠦᠢᠯ ᠤᠨ ᠠᠵᠢᠯ ᠦᠢᠯᠡᠰ ᠢᠳᠡᠪᠬᠢᠲᠡᠢ ᠠᠬᠢᠴᠠ ᠲᠠᠢ ᠪᠣᠯᠵᠠᠢ ᠃ ᠲᠣᠭᠤᠷᠢᠨ ᠪᠠᠶᠢᠴᠠᠭᠠᠬᠤ ᠳᠤ ᠪᠠᠰᠠ ᠡᠳᠦᠢ ᠲᠡᠳᠦᠢ ᠠᠰᠠᠭᠤᠳᠠᠯ ᠢ ᠢᠯᠡᠷᠡᠭᠦᠯᠪᠡ᠃ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠣᠯ ᠠᠰᠠᠭᠤᠳᠠᠯ ᠪᠣᠯ ᠄ ᠵᠠᠷᠢᠮ ᠨᠢ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠬᠦᠴᠦᠨ ᠮᠡᠬᠦᠰᠳᠡᠵᠦ ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ ᠰᠤᠳᠤᠯᠭᠠᠨ ᠢ ᠭᠦᠨᠵᠡᠭᠡᠢ ᠬᠢᠭᠰᠡᠨ ᠦᠭᠡᠢ ᠂ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠲᠠᠯ᠎ᠠ ᠪᠠᠷ ᠳᠤᠯᠠᠭᠠᠨ ᠤ ᠵᠥᠷᠢᠶ᠎ᠡ ᠪᠠᠭᠤᠷᠠᠯᠲᠠ ᠶᠢᠨ ᠵᠥᠷᠢᠶ᠎ᠡ ᠣᠷᠣᠰᠢᠵᠤ ᠪᠠᠶᠢᠨ᠎ᠠ ︔ ᠵᠠᠷᠢᠮ ᠨᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠢᠶᠠᠷ ᠬᠦᠴᠦᠨ ᠦᠭᠡᠢ ᠂ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠰᠢᠨ᠎ᠡ ᠴᠠᠭ ᠦᠶ᠎ᠡ ᠰᠢᠨ᠎ᠡ ᠱᠠᠭᠠᠷᠳᠠᠯᠭ᠎ᠠ ᠲᠠᠢ ᠵᠣᠬᠢᠴᠠᠬᠤ ᠦᠭᠡᠢ ᠪᠠᠶᠢᠨ᠎ᠠ ︔ ᠵᠠᠷᠢᠮ ᠨᠢ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠠᠬᠢᠴᠠ ᠨᠡᠯᠢᠶᠡᠳ ᠤᠳᠠᠭᠠᠨ ᠪᠠᠶᠢᠵᠤ ᠂ ᠪᠠᠶᠢᠭᠤᠯᠤᠯ ᠲᠣᠭᠲᠠᠴᠠ ᠶᠢ ᠪᠠᠰᠠ ᠪᠦᠷᠢᠮᠦᠰᠦᠨ ᠵᠦᠭᠰᠢᠷᠡᠭᠦᠯᠵᠦ ᠴᠢᠳᠠᠭᠠᠳᠤᠢ ᠪᠠᠶᠢᠨ᠎ᠠ ︔ ᠵᠠᠷᠢᠮ ᠨᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠤ ᠲᠠᠯ᠎ᠠ ᠪᠠᠷ ᠵᠥᠷᠢᠶ᠎ᠡ ᠲᠠᠢ ᠪᠠᠶᠢᠵᠤ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠨ᠎ᠠ ︔ ᠵᠠᠷᠢᠮ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠪᠠᠶᠢᠵᠤ ᠂ ᠵᠠᠷᠢᠮ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠣᠷᠣᠰᠢᠵᠤ ᠂ ︽ ᠲᠦᠷᠪᠡᠨ ᠰᠤᠷᠲᠠᠯ ︾  ᠤᠨ ᠠᠰᠠᠭᠤᠳᠠᠯ ᠮᠦᠨ ᠬᠦ ᠡᠭᠦᠰᠴᠦ ᠂ ︽ ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ ︾ ᠤ ᠦᠵᠡᠭᠳᠡᠯ ᠮᠦᠨ ᠬᠦ ᠣᠷᠣᠰᠢᠵᠤ ᠪᠠᠶᠢᠨ᠎ᠠ ︔ ᠵᠠᠷᠢᠮ ᠨᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ ᠂ ᠤᠳᠤᠷᠢᠳᠬᠤ ᠪᠠᠭ ᠂ ᠺᠠᠳ᠋ᠷ ᠴᠢᠳᠠᠪᠤᠷᠢᠲᠠᠨ ᠤ ᠡᠩᠨᠡᠭᠡ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ ᠃ ︽ ᠲᠠᠪᠤᠨ ᠶᠡᠭᠡ ᠡᠬᠢᠯᠡᠯᠲᠡ ︾  ᠶᠢᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠣᠯ ᠠᠰᠠᠭᠤᠳᠠᠯ ᠪᠣᠯ᠄ ᠠᠵᠢᠯ ᠢ ᠥᠷᠨᠢᠭᠦᠯᠦᠭᠰᠡᠨ ᠡᠬᠢᠨ ᠤ ᠬᠤᠭᠤᠴᠠᠭᠠᠨ ᠳᠤ ᠂ ᠵᠠᠷᠢᠮ ᠤᠯᠤᠰ ᠲᠦᠷᠦ ᠶᠢᠨ ᠵᠣᠭᠰᠣᠯᠲᠠ ᠨᠢ ᠥᠨᠳᠥᠷ ᠪᠢᠰᠢ ᠂ ᠡᠬᠢᠯᠡᠯᠲᠡ ᠶᠢᠨ ᠠᠵᠢᠯᠯᠠᠭ᠎ᠠ ᠶᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ ᠂ ᠲᠠᠨᠢᠯᠲᠠ ᠪᠠᠷ ᠳᠤᠲᠠᠮᠠᠭ ᠪᠠᠶᠢᠨ᠎ᠠ ︔ ᠵᠠᠷᠢᠮ ᠤᠨ ᠬᠢᠨᠢ ᠵᠣᠬᠢᠶᠠᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠨᠢ ᠬᠦᠴᠦᠨ ᠮᠡᠬᠦᠰᠳᠡᠵᠦ ᠂ ᠵᠥᠷᠢᠶ᠎ᠡ ᠲᠠᠢ ᠪᠠᠶᠢᠬᠤ ᠶᠢ ᠠᠷᠭᠠᠴᠠᠭᠠᠬᠤ᠂ ᠲᠦᠯᠬᠢᠬᠦ ᠦᠭᠡᠢ ᠪᠣᠯ ᠬᠥᠳᠡᠯᠭᠦ ᠦᠭᠡᠢ ᠪᠠᠶᠢᠬᠤ ᠵᠡᠷᠭᠡ ᠬᠡᠯᠪᠡᠷᠢᠯ ᠣᠷᠣᠰᠢᠵᠤ ᠪᠠᠶᠢᠨ᠎ᠠ ︔ ᠵᠠᠷᠢᠮ ᠨᠢ ᠦᠨᠳᠦᠰᠦᠨ ᠠᠵᠢᠯ ᠢ ᠪᠣᠳᠠᠲᠠᠢ ᠠᠳᠬᠤᠭᠰᠠᠨ ᠦᠭᠡᠢ᠂ ᠴᠠᠭ ᠲᠤᠬᠠᠢ ᠳᠤᠨᠢ ᠵᠣᠯᠭᠠᠭᠤᠯᠵᠤ ᠨᠡᠪᠲᠡᠷᠡᠯᠴᠡᠭᠰᠡᠨ ᠦᠭᠡᠢ᠂ ᠠᠷᠭ᠎ᠠ ᠬᠡᠮᠵᠢᠶ᠎ᠡ ᠨᠢ ᠪᠣᠳᠠᠲᠠᠢ ᠪᠢᠰᠢ᠂ ᠰᠢᠢᠳᠪᠦᠷᠢᠯᠡᠭᠰᠡᠨ ᠦᠷ᠎ᠡ ᠪᠦᠲᠦᠮᠵᠢ ᠨᠢ ᠢᠯᠡᠷᠬᠡᠢ ᠪᠢᠰᠢ ᠵᠡᠷᠭᠡ ᠠᠰᠠᠭᠤᠳᠠᠯ ᠣᠷᠣᠰᠢᠵᠤ᠂ ᠶᠡᠷᠦᠩᠬᠡᠢ ᠠᠵᠢᠯ ᠤᠨ ᠠᠬᠢᠴᠠ ᠶᠢ ᠨᠥᠯᠥᠭᠡᠯᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃      ᠬᠠᠷᠢᠭᠤ ᠲᠤᠰᠬᠠᠯ ᠳᠤ᠂ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠤᠯᠤᠰ ᠲᠥᠷᠥ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠡᠭᠦᠷᠭᠡᠯᠡᠵᠦ ᠪᠦᠬᠦᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠰᠠᠶᠢᠲᠤᠷ ᠭᠦᠢᠴᠡᠳᠬᠡᠵᠦ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ ᠂ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠱᠠᠭᠠᠷᠳᠠᠯᠭ᠎ᠠ ᠶᠣᠰᠣᠭᠠᠷ ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ  ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ ᠠᠵᠢᠯ ᠢᠶᠠᠨ ᠰᠠᠶᠢᠵᠢᠷᠠᠭᠤᠯᠬᠤ ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠴᠢᠬᠤᠯᠠ ᠭᠠᠷᠳᠠᠴᠠ ᠪᠣᠯᠭᠠᠵᠤ ᠂ ᠬᠠᠷᠢᠭᠤ ᠲᠤᠰᠬᠠᠭᠰᠠᠨ ᠰᠠᠨᠠᠯ ᠲᠠᠢ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠣᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ ᠂ ᠨᠢᠭᠡ ᠨᠢᠭᠡ ᠶᠠᠪᠤᠳᠠᠯ ᠢᠶᠠᠷ ᠰᠢᠢᠳᠪᠦᠷᠢᠯᠡᠬᠦ ᠶᠢ ᠠᠬᠢᠭᠤᠯᠵᠤ ᠂ ᠦᠨᠡᠨᠬᠦ ᠴᠡᠭᠴᠡᠯᠡᠨ ᠰᠠᠶᠢᠵᠢᠷᠠᠭᠤᠯᠵᠤ ᠂ ᠦᠨᠡᠨᠬᠦ ᠬᠠᠷᠢᠭᠤᠴᠠᠬᠤ ᠶᠢ ᠪᠡᠶᠡᠯᠡᠭᠦᠯᠬᠦ ᠬᠡᠷᠡᠭᠲᠡᠢ ᠃ ︽ ᠣᠳᠣᠬᠠᠨ ᠳᠤ ᠥᠭᠡᠷᠡᠴᠢᠯᠡᠬᠦ ︾ ᠪᠠ ︽ ᠤᠷᠳᠤ ᠬᠤᠭᠤᠴᠠᠭ᠎ᠠ ᠪᠠᠷ ᠲᠣᠭᠲᠠᠭᠠᠬᠤ ︾ ᠶᠢ ᠤᠶᠠᠯᠳᠤᠭᠤᠯᠬᠤ ᠶᠢ ᠪᠠᠷᠢᠮᠲᠠᠯᠠᠵᠤ ᠂ ᠨᠢᠭᠡ ᠠᠴᠠ ᠨᠦᠬᠦᠭᠡ ᠶᠢ ᠮᠡᠳᠡᠬᠦ  ᠶᠢ ᠰᠤᠳᠤᠯᠤᠨ ᠰᠢᠢᠳᠪᠦᠷᠢᠯᠡᠵᠦ ᠂ ᠵᠠᠷᠢᠮ ᠭᠤᠣᠯᠳᠠᠯᠭ᠎ᠠ ᠲᠠᠢ ᠠᠰᠠᠭᠤᠳᠠᠯ ᠪᠠ ᠰᠢᠰᠲ᠋ᠧᠮ ᠤᠨ ᠴᠢᠨᠠᠷᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠴᠢᠩᠳᠠᠯᠠᠵᠤ ᠂ ᠶᠡᠷᠦᠩᠬᠡᠶᠢᠯᠡᠨ ᠵᠠᠳᠠᠯᠬᠤ ᠶᠢ ᠴᠢᠩᠭᠠᠳᠬᠠᠵᠤ ᠂ ᠠᠯᠳᠠᠰᠢ ᠭᠠᠷᠬᠤ ᠶᠢ ᠬᠤᠷᠢᠭᠯᠠᠬᠤ ᠶᠢ ᠴᠢᠬᠤᠯᠠᠴᠢᠯᠠᠵᠤ ᠂ ᠲᠣᠭᠲᠠᠴᠠ ᠶᠢ ᠪᠦᠷᠢᠨᠰᠢᠭᠦᠯᠵᠦ ᠂ ᠲᠣᠭᠲᠠᠭᠠᠬᠤ ᠶᠣᠰᠣᠲᠠᠢ ᠳᠦᠷᠢᠮ ᠲᠣᠭᠲᠠᠭᠠᠯ ᠢ ᠲᠣᠭᠲᠠᠭᠠᠵᠤ ᠂ ᠲᠡᠭᠦᠯᠳᠡᠷᠵᠢᠭᠦᠯᠬᠦ ᠶᠣᠰᠣᠲᠠᠢ ᠳᠦᠷᠢᠮ ᠢ ᠱᠠᠯᠠᠪᠳᠠᠨ ᠨᠥᠬᠦᠪᠦᠷᠢᠯᠡᠨ ᠲᠡᠭᠦᠯᠳᠡᠷᠵᠢᠭᠦᠯᠬᠦ ᠬᠡᠷᠡᠭᠲᠡᠢ ᠃ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠤᠳᠤᠷᠢᠳᠬᠤ ᠪᠠᠭ ᠤᠨ ᠪᠦᠷᠢᠯᠳᠦᠭᠦᠨ ᠦᠨᠡᠨᠬᠦ ᠥᠪᠡᠷ ᠤᠨ ᠪᠡᠶ᠎ᠡ ᠪᠠᠨ ᠣᠷᠣᠭᠤᠯᠵᠤ ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ ᠂ ᠠᠵᠢᠯ ᠢᠶᠠᠨ ᠬᠢᠵᠦ ᠂ ᠰᠢᠭᠤᠳ ᠪᠠᠶᠢᠷᠢᠯᠠᠭᠤᠯᠵᠤ ᠂ ᠰᠢᠭᠤᠳ ᠣᠷᠣᠯᠴᠠᠵᠤ ᠂ ᠭᠤᠣᠯᠳᠠᠯᠭ᠎ᠠ ᠲᠠᠢ ᠠᠰᠠᠭᠤᠳᠠᠯ ᠪᠣᠯᠣᠨ ᠴᠢᠬᠤᠯᠠ ᠬᠡᠷᠡᠭ ᠶᠠᠪᠤᠳᠠᠯ ᠢ ᠲᠦᠷᠦᠭᠦᠯᠡᠨ ᠭᠦᠢᠴᠡᠳᠬᠡᠬᠦ ᠬᠡᠷᠡᠭᠲᠡᠢ ᠃ ᠡᠳᠦᠷ ᠲᠤᠳᠤᠮ ᠤᠨ ᠬᠢᠨᠠᠯᠲᠠ ᠪᠠᠨ ᠴᠢᠩᠭᠠᠳᠬᠠᠵᠤ ᠂ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠦᠬᠦ ᠶᠠᠪᠤᠴᠠ ᠪᠠᠷ ᠮᠥᠷᠳᠡᠵᠦ ᠂ ᠪᠣᠳᠠᠲᠠᠢ ᠭᠠᠵᠠᠷ ᠲᠤᠨᠢ ᠦᠨᠡᠯᠡᠨ ᠵᠢᠱᠢᠵᠦ ᠂ ᠬᠠᠰᠢ ᠶᠠᠰᠢ ᠪᠠᠷ ᠠᠷᠭᠠᠴᠠᠭᠠᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠵᠢᠴᠢ ︽ ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ ︾ ᠬᠥᠮᠥᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ ᠃ ᠰᠢᠰᠲ᠋ᠧᠮᠲᠦ ᠦᠵᠡᠯᠲᠡ ᠪᠠᠨ ᠴᠢᠩᠭᠠᠳᠬᠠᠵᠤ ᠂ ᠴᠡᠭᠴᠡᠯᠡᠨ ᠰᠠᠶᠢᠵᠢᠷᠠᠭᠤᠯᠬᠤ ᠶᠢ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠬᠤ ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠬᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠭᠤᠰᠤᠯᠴᠠᠭᠤᠯᠬᠤ ᠂ ᠪᠠᠭ ᠤᠨ ᠡᠩᠨᠡᠭᠡᠨ ᠤ ᠪᠠᠶᠢᠭᠤᠯᠤᠯᠲᠠ ᠳᠤ ᠠᠭᠤᠰᠤᠯᠴᠠᠭᠤᠯᠬᠤ ᠶᠢ ᠠᠬᠢᠭᠤᠯᠵᠤ ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠢ ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠲᠣᠭᠤᠷᠢᠨ ᠪᠠᠶᠢᠴᠠᠭᠠᠯᠲᠠ ᠳᠤ ᠪᠠᠰᠠ ᠵᠠᠷᠢᠮ ᠤᠳᠤᠷᠢᠳᠬᠤ ᠺᠠᠳ᠋ᠷ  ᠤᠨ  ᠲᠤᠬᠠᠢ ᠠᠰᠠᠭᠤᠳᠠᠯ ᠤᠨ ᠰᠦᠪᠡᠭᠴᠢ ᠶᠢ ᠣᠯᠵᠤ᠂ ᠨᠢᠭᠡᠨᠲᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠰᠢᠯᠵᠢᠭᠦᠯᠦᠨ ᠰᠢᠢᠳᠪᠦᠷᠢᠯᠡᠭᠦᠯᠦᠭᠰᠡᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号