ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠢᠩᠬᠢᠮ ᠤᠨ ᠭᠤᠣᠯ ᠤᠳᠤᠷᠢᠳᠤᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠲᠣᠭᠲᠠᠭᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/1/30
      1 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠦᠨ ᠶᠠᠨ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠭᠤᠷᠪᠠᠳᠤᠭᠠᠷ ᠭᠠᠵᠠᠷ ᠤᠨ ᠳᠠᠷᠤᠭ᠎ᠠ ᠸᠠᠩ ᠪᠦᠦ ᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠤᠩᠰᠢᠨ ᠨᠡᠶᠢᠲᠡᠯᠡᠪᠡ᠄ ᠭᠦᠸᠧ ᠵᠠᠨ ᠵᠢᠶᠠᠩ ᠨᠥᠬᠦᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠶᠢᠨ ᠲᠤᠰᠢᠶᠠᠯ ᠳᠤ ᠨᠡᠷ᠎ᠡ ᠳᠤᠷᠠᠳᠪᠠ᠃ ᠮᠦ ᠶᠤᠸᠠᠨ ᠨᠥᠬᠦᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠢ ᠡᠭᠦᠷᠭᠡᠯᠡᠬᠦ ᠪᠠᠨ ᠪᠣᠯᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠶᠢᠨ ᠲᠤᠰᠢᠶᠠᠯ ᠠᠴᠠ ᠪᠠᠭᠤᠯᠭᠠᠬᠤ ᠪᠠᠷ ᠨᠡᠷ᠎ᠡ ᠲᠤᠷᠠᠳᠪᠠ ᠃ ᠭᠦᠸᠧ ᠵᠠᠨ ᠵᠢᠶᠠᠩ ᠨᠥᠬᠦᠷ ᠣᠪᠣᠷ ᠢᠶᠠᠨ ᠢᠯᠡᠳᠬᠡᠬᠦ ᠦᠭᠡ ᠬᠡᠯᠡᠪᠡ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号