2022 ᠣᠨ ᠳᠤ᠂ ᠪᠥᠬᠦ ᠬᠤᠲᠠ ᠳᠤ ᠦᠨᠡᠮᠯᠡᠯ ᠲᠠᠢ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ | ᠠᠬᠤᠶᠢᠯᠠᠯ ᠨᠡᠶᠢᠲᠡ 57 ︵ᠳ᠋ᠧᠩᠺᠸᠤ ᠰᠢᠶᠠᠨ 2᠂ ᠬᠠᠩᠭᠢᠨ ᠬᠤᠶᠢᠲᠤ ᠬᠤᠰᠢᠭᠤ 4᠂ ᠯᠢᠨᠾᠧ ᠲᠣᠭᠤᠷᠢᠭ 31᠂ | ᠦᠶᠤᠸᠠᠨ ᠰᠢᠶᠠᠨ 11᠂ ᠤᠷᠠᠳ ᠤᠨ ᠡᠮᠦᠨᠡᠲᠦ ᠬᠤᠰᠢᠭᠤ 7᠂ ᠤᠷᠠᠳ ᠤᠨ ᠳᠤᠮᠳᠠᠳᠤ ᠬᠤᠰᠢᠭᠤ 2︶ ᠪᠠᠶᠢᠵᠤ᠂ | 7 ᠶᠡᠭᠡ ᠰᠢᠷᠢᠰ 110 ᠭᠠᠷᠤᠢ ᠦᠢᠯᠡᠳᠬᠦᠨ ᠢ ᠦᠢᠯᠡᠳᠪᠦᠷᠢᠯᠡᠭᠰᠡᠨ ᠪᠠᠶᠢᠨ᠎ᠠ᠃ | 2022 ᠣᠨ ᠳᠤ᠂ ᠪᠥᠬᠦ ᠬᠤᠲᠠ ᠶᠢᠨ ᠲᠡᠵᠢᠭᠡᠯ ᠪᠣᠷᠳᠣᠭᠠᠨ ᠤ ᠶᠡᠷᠦᠩᠬᠡᠢ ᠭᠠᠷᠤᠯᠲᠠ ᠨᠢ 111.78 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.17% ᠪᠠᠷ ᠨᠡᠮᠡᠭᠳᠡᠪᠡ︔ ᠲᠡᠵᠢᠭᠡᠯ | ᠪᠣᠷᠳᠣᠭᠠᠨ ᠤ ᠦᠢᠯᠡᠳᠬᠦᠨ ᠤ ᠶᠡᠷᠦᠩᠬᠡᠢ ᠥᠷᠲᠡᠭ ᠨᠢ 38.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ ︔ ᠡᠵᠡᠩᠨᠡᠯᠲᠡ ᠶᠢᠨ ᠣᠷᠣᠯᠭ᠎ᠠ ᠨᠢ 39.69 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.26% ᠪᠠᠷ ᠨᠡᠮᠡᠭᠳᠡᠪᠡ᠃ | ᠡᠭᠦᠨ ᠳᠤ ᠨᠠᠷᠢᠯᠢᠭ ᠪᠣᠷᠳᠣᠭᠠᠨ ᠤ ᠨᠥᠬᠦᠪᠦᠷᠢ ᠪᠣᠷᠳᠤᠭ᠎ᠠ᠂ ᠠᠭᠰᠢᠭᠠᠮᠠᠯ ᠪᠣᠷᠳᠤᠭ᠎ᠠ ᠵᠡᠷᠭᠡ 104.73 ᠲᠦᠮᠡᠨ | ᠲᠣᠨ᠂ ᠨᠡᠮᠡᠯᠲᠡ ᠡᠳ᠋ ᠪᠠ ᠬᠤᠯᠢᠮᠠᠭ ᠪᠣᠷᠳᠣᠭᠠᠨ ᠤ ᠨᠡᠮᠡᠯᠲᠡ ᠡᠳ᠋ 1.02 ᠲᠦᠮᠡᠨ ᠲᠣᠨ᠂ ᠲᠠᠩ ᠭᠠᠭᠴᠠ | ᠪᠣᠷᠳᠣᠭᠠᠨ ᠤ ᠨᠡᠮᠡᠯᠲᠡ ᠡᠳ᠋ 6.02 ᠲᠦᠮᠡᠨ ᠲᠣᠨ ᠪᠠᠶᠢᠨ᠎ᠠ᠃ | ᠪᠠᠶᠠᠨᠨᠠᠭᠤᠷ ᠬᠤᠳᠠ ᠶᠢᠨ ᠲᠡᠵᠢᠭᠡᠯ ᠪᠣᠷᠳᠣᠭᠠᠨ ᠤ ᠭᠠᠷᠤᠯᠲᠠ ᠲᠣᠭᠲᠠᠭᠤᠨ ᠢᠶᠠᠷ ᠳᠡᠭᠡᠭᠰᠢᠯᠡᠵᠦ ᠂ ᠹᠦᠴᠤᠸᠠᠨ | ᠺᠧ ᠡᠾᠧ ᠵᠡᠷᠭᠡ ᠨᠢᠭᠡ ᠪᠦᠯᠦᠭ ᠨᠤᠲᠤᠭ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠵᠤ ᠂ ᠤᠷᠢᠳ | ᠬᠤᠵᠢᠳ ᠪᠦᠬᠦ ᠤᠯᠤᠰ ᠤᠨ ᠬᠤᠶᠠᠳᠤᠭᠠᠷ ᠶᠡᠭᠡ ︵ ᠭᠤᠸᠠᠩᠳᠦ᠋ᠩ ᠤᠨ ᠬᠠᠢ ᠳ᠋ᠠ ︶ ᠂ ᠥᠪᠡᠷᠲᠡᠭᠡᠨ ᠵᠠᠰᠠᠬᠤ | ᠣᠷᠣᠨ ᠤ ᠨᠢᠭᠡᠳᠦᠭᠡᠷ ᠶᠡᠭᠡ ︵ ᠪᠧᠢ ᠴᠧᠨ ︶ ᠪᠣᠯᠣᠨ ᠳ᠋ᠠ ᠪᠧᠢ ᠨᠦᠩ ᠵᠡᠷᠭᠡ ᠲᠣᠮᠣ ᠬᠡᠯᠪᠡᠷᠢ ᠶᠢᠨ ᠲᠡᠵᠢᠭᠡᠯ | ᠪᠣᠷᠳᠤᠭ᠎ᠠ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠂ ᠲᠡᠵᠢᠭᠡᠯ ᠪᠣᠷᠳᠣᠭᠠᠨ ᠤ | ᠠᠵᠤ ᠦᠢᠯᠡᠰ ᠤᠨ ᠪᠦᠯᠦᠭᠯᠡᠯ ᠨᠢᠭᠡᠨᠲᠡ ᠠᠩᠬ᠎ᠠ ᠠᠯᠬᠤᠮ ᠬᠡᠪᠴᠢᠶᠡᠵᠢᠪᠡ ᠃ | ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠣᠪᠴᠢᠶ᠎ᠠ ᠨᠢ ᠲᠡᠵᠢᠭᠡᠯ ᠪᠣᠷᠳᠣᠭᠠᠨ ᠤ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠰᠢᠰᠲ᠋ᠧᠮ ᠤᠨ | ᠠᠵᠢᠯ ᠤᠨ ᠲᠠᠯ᠎ᠠ ᠪᠠᠷ ᠲᠡᠵᠢᠭᠡᠯ ᠪᠣᠷᠳᠣᠭᠠᠨ ᠤ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠬᠠᠤᠯᠢ ᠲᠣᠭᠲᠠᠭᠠᠯ | ᠵᠢᠴᠢ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ | ᠮᠠᠲ᠋ᠧᠷᠢᠶᠠᠯ ᠨᠢ ᠨᠠᠷᠢᠨ ᠪᠣᠳᠠᠲᠠᠢ᠂ ᠲᠤᠭ᠎ᠠ ᠪᠠᠷᠢᠮᠲᠠ ᠨᠢ ᠣᠨᠣᠪᠴᠢᠲᠠᠶ ᠪᠠᠶᠢᠵᠤ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠶᠢᠨ ᠬᠥᠬᠢᠭᠦᠯᠦᠯ ᠢ ᠭᠥᠷᠳᠡᠪᠡ᠃ | |