ᠤᠷᠠᠳ ᠤᠨ ᠬᠤᠶᠢᠲᠤ ᠬᠤᠰᠢᠭᠤ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠵᠤ᠂ ︽ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ︾ | ᠪᠠ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠠᠭᠤᠰᠤᠯᠴᠠᠬᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠢ ᠬᠦᠭᠵᠢᠯᠲᠡ ᠶᠢᠨ ᠰᠢᠪᠲᠤᠯᠤᠯᠲᠠ ᠶᠢᠨ ᠴᠡᠭ | ᠪᠣᠯᠭᠠᠵᠤ᠂ ︽ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡᠨ ᠳᠤ ᠰᠠᠭᠤᠵᠤ᠂ ᠠᠯᠲᠠᠨ ᠬᠤᠲᠠ ᠲᠡᠮᠦᠷ | ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠢᠶᠠᠷ ᠲᠥᠪ ᠪᠣᠯᠭᠠᠨ᠂ ᠭᠠᠳᠠᠭᠰᠢ ᠨᠡᠭᠡᠭᠡᠯᠲᠡ ᠬᠢᠬᠦ | ᠲᠡᠮᠦᠷ ᠵᠠᠮ ᠤᠨ ᠭᠠᠷᠠᠮ ᠤᠨ ᠥᠯᠢᠭᠡᠷ ᠳᠠᠭᠤᠷᠢᠶᠠᠯ ᠢ ᠪᠣᠶ ᠪᠣᠯᠭᠠᠬᠤ︾ ᠬᠦᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠢᠯᠣᠭᠤᠳᠣᠯᠭ᠎ᠠ ᠳᠤᠤᠷ᠎ᠠ᠂ ᠰᠢᠨ᠎ᠡ ᠬᠦᠭᠵᠢᠯᠲᠡ ᠶᠢᠨ ᠪᠠᠶᠢᠷᠢᠰᠢᠯ ᠳᠤ ᠴᠢᠷᠮᠠᠶᠢᠨ ᠠᠭᠤᠰᠤᠯᠴᠠᠪᠠ᠃ | | | | | ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡᠨ ᠳᠤ ᠤᠨᠴᠠᠯᠢᠬᠳᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠡᠭᠡᠭᠡᠪᠤᠷᠢᠯᠡᠨ ᠠᠯᠤᠰ ᠧᠦ᠋ᠷᠣᠫᠠ ᠳᠤ ᠪᠣᠷᠣᠯᠠᠭᠤᠯᠬᠤ ᠪᠠᠷ ᠪᠠᠶᠢᠭ᠎ᠠ ᠨᠢ᠃ | | | 2022 ᠣᠨ ᠤ 1 ᠰᠠᠷ᠎ᠠ ᠶᠢᠨ 12 ᠤᠨ ᠡᠳᠦᠷ᠂ ᠠᠩᠬᠠᠨ ᠤ ᠴᠤᠪᠤᠭ᠎ᠠ ︽ᠤᠷᠠᠳ ᠤᠨ ᠬᠤᠶᠢᠲᠤ | ᠬᠤᠰᠢᠭᠤ ᠨᠡᠷᠡᠮᠵᠢᠲᠦ︾ ᠳᠤᠮᠳᠠᠳᠤ ᠧᠦ᠋ᠷᠣᠫᠠᠶᠢᠨ ᠵᠢᠰᠢᠶᠡᠨ ᠤ ᠭᠠᠯᠲᠤ ᠲᠡᠷᠭᠡ ᠪᠠᠷ ᠲᠡᠭᠡᠭᠡᠪᠦᠷᠢᠯᠡᠨ ᠶᠠᠪᠤᠭᠤᠯᠵᠤ᠂ | ᠵᠢᠯ ᠤᠨ ᠡᠴᠦᠰ ᠪᠣᠯᠬᠤ ᠳᠤ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡ ᠨᠢ ᠨᠡᠶᠢᠲᠡ 27 | ᠴᠤᠪᠤᠭ᠎ᠠ ᠨᠡᠪᠲᠡᠷᠡᠵᠦ᠂ ᠨᠡᠶᠢᠲᠡ 3.6 ᠲᠦᠮᠡᠨ ᠲᠣᠨ ᠡᠳ᠋ ᠪᠠᠷᠠᠭ᠎ᠠ ᠶᠢ ᠭᠠᠳᠠᠭᠠᠲᠦ ᠠᠴᠠ ᠣᠷᠣᠭᠤᠯᠵᠤ | ᠭᠠᠳᠠᠭᠠᠲᠦ ᠳᠤ ᠭᠠᠷᠭᠠᠬᠤ ᠶᠢ ᠪᠡᠶᠡᠯᠡᠭᠦᠯᠵᠦ᠂ ᠭᠠᠳᠠᠭᠠᠲᠦ ᠠᠴᠠ ᠣᠷᠣᠭᠤᠯᠵᠤ ᠭᠠᠳᠠᠭᠠᠲᠦ ᠳᠤ ᠭᠠᠷᠭᠠᠬᠤ | ᠠᠷᠠᠯᠵᠢᠶᠠᠨ ᠤ ᠦᠷᠳᠡᠭ ᠢ 2.7 ᠳ᠋ᠦᠩᠰᠢᠭᠤᠷ ᠲᠥᠭᠦᠷᠢᠭ ᠪᠡᠶᠡᠯᠡᠭᠦᠯᠪᠡ᠃ ︽ᠤᠷᠠᠳ ᠤᠨ ᠬᠤᠶᠢᠲᠤ ᠬᠤᠰᠢᠭᠤ | ᠨᠡᠷᠡᠮᠵᠢᠲᠦ︾ ᠭᠠᠯᠲᠤ ᠲᠡᠷᠭᠡ ᠨᠢ ᠪᠠᠰᠠ ︽ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢᠨ | ᠲᠤᠭᠲᠠᠭᠰᠠᠨ ᠲᠥᠯᠥᠪᠯᠡᠭᠡ ︵ᠲᠣᠭᠲᠠᠭᠰᠠᠨ ᠴᠡᠭ᠂ ᠲᠣᠭᠲᠠᠭᠰᠠᠨ ᠴᠠᠭ᠂ ᠲᠣᠭᠲᠠᠭᠰᠠᠨ ᠱᠤᠭᠤᠮ ᠤᠨ ᠪᠠᠷᠠᠭ᠎ᠠ | ᠲᠡᠭᠡᠭᠡᠪᠦᠷᠢᠯᠡᠬᠦ ᠵᠢᠰᠢᠶᠡᠨ ᠤ ᠭᠠᠯᠲᠤ ᠲᠡᠷᠭᠡ︶︾ ᠳᠤ ᠠᠮᠵᠢᠯᠲᠡ ᠲᠠᠢ ᠪᠠᠷ ᠣᠷᠣᠯᠴᠠᠵᠤ᠂ ᠪᠠᠶᠢᠩᠭᠤᠵᠢᠭᠰᠠᠨ | ᠡᠵᠡᠩᠨᠡᠯᠲᠡ ᠶᠢ ᠪᠡᠶᠡᠯᠡᠭᠦᠯᠪᠡ᠃ ᠪᠠᠶᠠᠨᠨᠠᠭᠤᠷ ᠬᠤᠲᠠ ᠶᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠭᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 14 ᠵᠢᠯ ᠳᠠᠷᠠᠭᠠᠯᠠᠨ ᠪᠦᠬᠦ ᠣᠷᠣᠨ ᠤ ᠲᠡᠷᠢᠭᠦᠨ ᠳᠤ | ᠣᠷᠣᠪᠠ᠃ | 2023 ᠣᠨ ᠳᠤ ᠂ ᠤᠷᠠᠳ ᠤᠨ ᠬᠤᠶᠢᠲᠤ ᠬᠤᠰᠢᠭᠤ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ | ᠲᠡᠷᠭᠡ ᠶᠢᠨ ᠬᠡᠮᠵᠢᠶ᠎ᠡ ᠶᠢ ᠨᠡᠮᠡᠭᠳᠡᠭᠦᠯᠦᠨ ᠪᠠᠭᠲᠠᠭᠠᠮᠵᠢ ᠶᠢᠨ ᠦᠷᠭᠡᠳᠭᠡᠬᠦ ᠶᠢ ᠢ ᠠᠬᠢᠭᠤᠯᠵᠤ᠂ ︽ᠤᠷᠠᠳ ᠤᠨ | ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡ ᠶᠢ ᠪᠥᠬᠦ ᠵᠢᠯ ᠳᠤ 35 ᠴᠤᠪᠤᠭ᠎ᠠ ᠠᠴᠠ ᠳᠡᠭᠡᠭᠰᠢ | ᠨᠡᠪᠲᠡᠷᠡᠭᠦᠯᠵᠦ᠂ ᠨᠥᠯᠥᠭᠡᠯᠡᠨ ᠳᠠᠶᠢᠴᠢᠯᠠᠬᠤ ᠶᠢ ᠴᠢᠩᠭᠠᠳᠬᠠᠨ᠂ ᠪᠤᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ | ᠲᠠᠯᠠᠪᠤᠷ ᠭᠠᠵᠠᠷ ᠢ ᠪᠠᠶᠢᠭᠤᠯᠵᠤ ᠂ ᠭᠠᠳᠠᠭᠠᠲᠦ ᠠᠴᠠ ᠣᠷᠣᠭᠤᠯᠵᠤ ᠭᠠᠳᠠᠭᠠᠲᠦ ᠳᠤ ᠭᠠᠷᠭᠠᠬᠤ ᠦᠢᠯᠡᠴᠢᠯᠡᠭᠡᠨ ᠤ | ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠳᠤᠷ ᠬᠢᠵᠦ᠂ ᠨᠠᠩ ᠣᠯᠠᠨ ᠣᠨᠴᠠᠯᠢᠭᠲᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠭᠦᠨ ᠢ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡᠨ ᠳᠤ | ᠳᠡᠭᠡᠭᠰᠢᠯᠡᠬᠦᠯᠵᠤ ᠠᠯᠤᠰ ᠧᠦ᠋ᠷᠣᠫᠠ ᠳᠤ ᠪᠣᠷᠣᠯᠠᠭᠤᠯᠬᠤ ᠪᠤᠯᠤᠨ᠎ᠠ᠃ | |