2022 ᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠦᠨ ᠳᠤᠮᠳᠠ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠬᠥᠮᠥᠰ ᠤᠨ ᠨᠡᠷᠡᠰ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/1/4
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2022 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2022﹈ 63 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠨᠥᠬᠦᠴᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2022﹈ 1 ᠳ᠋ᠤᠭᠡᠷ ᠲᠣᠭᠠᠲᠤ︶ ᠢ ᠳᠠᠷᠤᠮᠠᠯᠯᠠᠨ ᠶᠠᠪᠤᠭᠤᠯᠬᠤ ᠲᠤᠬᠠᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠳᠤᠮᠳᠠ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠵᠢᠯ ᠢ ᠨᠢᠭᠡᠨᠲᠡ ᠪᠡᠶᠡᠯᠡᠭᠦᠯᠪᠡ᠃ ᠡᠳᠦᠭᠡ ᠬᠢᠷᠢ ᠲᠡᠩᠴᠡᠭᠰᠡᠨ ᠬᠥᠮᠥᠰ ᠤᠨ ᠨᠡᠷᠡᠰ ᠢ ᠢᠯᠡ ᠨᠡᠶᠢᠲᠡᠯᠡᠪᠡ ᠂ ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 1 ᠰᠠᠷ᠎ᠠ ᠶᠢᠨ 3 ᠤ ᠡᠳᠦᠷ ᠠᠴᠠ 2023 ᠣᠨ ᠤ 1 ᠰᠠᠷ᠎ᠠ ᠶᠢᠨ 9 ᠤ ᠡᠳᠦᠷ ᠪᠣᠯᠲᠠᠯ᠎ᠠ ᠪᠣᠯᠣᠨ᠎ᠠ᠃      ᠢᠯᠡ ᠨᠡᠶᠢᠲᠡᠯᠡᠬᠦ ᠬᠤᠭᠤᠴᠠᠭᠠᠨ ᠳᠤ᠂ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠬᠥᠮᠥᠰ ᠲᠤ ᠮᠠᠳᠠᠭ ᠲᠠᠢ ᠪᠠᠶᠢᠪᠠᠯ᠂ ᠤᠲᠠᠰᠤ᠂ ᠵᠠᠬᠢᠳᠠᠯ ᠰᠤᠷᠪᠤᠯᠵᠢᠯᠠᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠤᠨ ᠬᠢᠨᠠᠨ ᠲᠣᠭᠲᠠᠭᠠᠬᠤ ᠺᠣᠮᠢᠰ ᠲᠤ ᠠᠰᠠᠭᠤᠳᠠᠯ ᠢ ᠳᠤᠰᠬᠠᠭᠠᠷᠠᠢ ᠃ ᠠᠰᠠᠭᠤᠳᠠᠯ ᠢ ᠲᠤᠰᠬᠠᠬᠤ ᠳᠤ ᠦᠨᠡᠨ ᠪᠣᠳᠠᠲᠠᠢ ᠭᠡᠷᠡᠴᠢ ᠪᠠᠷᠢᠮᠲᠠ ᠪᠠᠶᠢᠬᠤ ᠬᠡᠷᠡᠭᠲᠡᠢ ᠪᠥᠭᠡᠳ ᠪᠢᠴᠢᠭ ᠤᠨ ᠮᠠᠲ᠋ᠧᠷᠢᠶᠠᠯ ᠂ ᠦᠨᠡᠨ ᠪᠣᠳᠠᠲᠠᠢ ᠣᠪᠣᠭ ᠨᠡᠷ᠎ᠡ ᠂ ᠬᠠᠷᠢᠯᠴᠠᠬᠤ ᠤᠲᠠᠰᠤ ᠶᠢ ᠳᠠᠭᠠᠯᠳᠤᠭᠤᠯᠬᠤ ᠬᠡᠷᠡᠭᠲᠡᠢ ᠃ ᠢᠯᠡ ᠨᠡᠶᠢᠲᠡᠯᠡᠭᠰᠡᠨ ᠬᠤᠪᠢ ᠬᠥᠮᠥᠨ ᠤ ᠮᠡᠳᠡᠭᠡ ᠵᠠᠩᠭᠢ ᠳᠤ ᠬᠡᠷᠪᠡ ᠪᠤᠷᠤᠭᠤ ᠲᠠᠢ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠺᠣᠮᠢᠰ ᠲᠠᠢ ᠬᠠᠷᠢᠯᠴᠠᠵᠤ ᠵᠠᠰᠠᠪᠤᠷᠢ ᠣᠷᠣᠭᠤᠯᠬᠤ ᠬᠡᠷᠡᠭᠲᠡᠢ᠃      ᠬᠠᠷᠢᠯᠴᠠᠬᠤ ᠬᠠᠶ᠋ᠢᠭ᠄ ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠰᠢᠤᠳᠠᠨ ᠳ᠋ᠤᠭᠠᠷ᠄ 010011︶      ᠬᠠᠷᠢᠯᠴᠠᠬᠤ ᠤᠲᠠᠰᠤ᠄ 0471-6652018      ᠢᠮᠧᠯ ᠄ nmyzcps@163.com       ᠳᠠᠭᠠᠯᠳᠤᠭᠤᠯᠤᠯ᠄ 2022 ᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠳᠤᠮᠳᠠ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠬᠥᠮᠥᠰ ᠤᠨ  ᠢᠯᠡ ᠨᠡᠶᠢᠲᠡᠯᠡᠯ ᠤᠨ ᠨᠡᠷᠡᠰ ᠤᠨ ᠪᠦᠷᠢᠳᠬᠡᠯ                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠶᠢᠨ ᠰᠢᠷᠢᠰ ᠳᠡᠭᠡᠳᠦ ᠵᠡᠷᠭᠡ ᠶᠢᠨ ᠲᠤᠰᠬᠠᠢ                         ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠺᠣᠮᠢᠰ                              2023 ᠣᠨ ᠤ 1 ᠰᠠᠷ᠎ᠠ ᠶᠢᠨ 3 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号