ᠨᠠᠮ ᠤᠨ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ︵ᠨᠢᠭᠡ︶
ᠨᠡᠶᠢᠲᠡᠯᠡᠭᠰᠡᠨ ᠴᠠᠭ᠄
2023/10/10
      ᠠᠮᠤ ᠪᠤᠳᠠᠭ᠎ᠠ ᠪᠣᠳᠠᠲᠠᠢ ᠲᠠᠷᠢᠵᠤ ᠪᠠᠶᠢᠭ᠎ᠠ ᠲᠠᠷᠢᠶᠠᠴᠢᠳ ᠤᠨ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ      2023 ᠣᠨ ᠳᠤ᠂ ᠲᠥᠪ ᠤᠨ ᠡᠳ᠋ ᠤᠨ ᠵᠠᠰᠠᠭ  ᠠᠴᠠ ᠮᠠᠨ ᠤ ᠣᠷᠣᠨ ᠤ ᠠᠮᠤ ᠪᠤᠳᠠᠭ᠎ᠠ ᠪᠣᠳᠠᠲᠠᠢ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ 5.7 ᠳ᠋ᠦᠩᠰᠢᠭᠤᠷ ᠲᠥᠭᠦᠷᠢᠭ ᠪᠠᠭᠤᠯᠭᠠᠵᠤ᠂ ᠠᠮᠤ ᠪᠤᠳᠠᠭ᠎ᠠ ᠪᠣᠳᠠᠲᠠᠢ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠶᠢ ᠦᠷᠭᠦᠯᠵᠢᠯᠡᠨ ᠣᠯᠭᠤᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠳᠡᠮᠵᠢᠵᠦ ᠂ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠢᠳᠡᠪᠬᠢᠲᠡᠢ ᠲᠤᠬᠢᠶ᠎ᠠ ᠲᠠᠯᠪᠢᠪᠠ᠃      ᠨᠥᠬᠦᠪᠦᠷᠢ ᠣᠯᠭᠤᠬᠤ ᠬᠦᠷᠢᠶ᠎ᠡ ᠬᠡᠪᠴᠢᠶ᠎ᠡ ᠄      ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠢᠨ ᠥᠰᠦᠯᠲᠡ ᠶᠢᠨ ᠥᠪᠡᠷ ᠤᠨ ᠦᠷᠳᠡᠭ ᠢ ᠪᠣᠳᠠᠲᠠᠢ ᠡᠭᠦᠷᠭᠡᠯᠡᠵᠦ ᠪᠠᠶᠢᠭ᠎ᠠ ᠠᠮᠤ ᠪᠤᠳᠠᠭ᠎ᠠ ᠪᠣᠳᠠᠲᠠᠢ ᠲᠠᠷᠢᠬᠴᠢ ᠳᠤ ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠠᠰᠢᠭᠯᠠᠨ ᠠᠮᠤ ᠪᠤᠳᠠᠭ᠎ᠠ ᠳᠠᠷᠢᠭᠰᠠᠨ ᠲᠠᠷᠢᠶᠠᠴᠢᠨ ᠵᠢᠴᠢ ᠪᠠᠷᠢᠯᠭ᠎ᠠ ᠶᠢᠨ ᠭᠠᠵᠠᠷ ᠢᠶᠠᠨ ᠰᠢᠯᠵᠢᠭᠦᠯᠦᠨ ᠠᠮᠤ ᠪᠤᠳᠠᠭ᠎ᠠ ᠳᠠᠷᠢᠭᠰᠠᠨ ᠲᠣᠮᠣ ᠡᠷᠦᠭᠡ ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠂ ᠲᠠᠷᠢᠶᠠᠴᠢᠳ ᠤᠨ ᠬᠤᠷᠰᠢᠶ᠎ᠠ ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠵᠢᠴᠢ ᠠᠮᠤ ᠪᠤᠳᠠᠭ᠎ᠠ ᠲᠠᠷᠢᠵᠤ ᠬᠤᠷᠢᠶᠠᠬᠤ ᠪᠦᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠪᠠᠭᠲᠠᠨ᠎ᠠ ᠃      ᠨᠥᠬᠦᠪᠦᠷᠢ ᠣᠯᠭᠤᠬᠤ ᠪᠠᠷᠢᠮᠵᠢᠶ᠎ᠠ ᠄      ᠡᠯ᠎ᠡ ᠭᠠᠵᠠᠷ ᠤᠨ ᠤᠰᠤᠨ ᠲᠤᠲᠤᠷᠭ᠎ᠠ ᠂ ᠪᠤᠭᠤᠳᠠᠢ ᠂ ᠡᠷᠳᠡᠨᠢ ᠰᠢᠰᠢ ᠪᠣᠯᠣᠨ ᠰᠢᠷ᠎ᠠ ᠪᠤᠷᠴᠠᠭ ᠵᠡᠷᠭᠡ ᠠᠮᠤ ᠪᠤᠳᠠᠭᠠᠨ ᠤ ᠲᠠᠷᠢᠮᠠᠯ ᠤᠨ ᠲᠡᠷᠢᠬᠤ ᠲᠡᠯᠡᠪᠡᠢ ᠲᠠᠢ ᠤᠶᠠᠯᠳᠤᠭᠤᠯᠤᠨ ᠂ ᠲᠥᠮᠥᠰᠥ ᠶᠢᠨ ᠲᠦᠷᠦᠯ ᠵᠡᠷᠭᠡ ᠪᠤᠰᠤᠳ ᠠᠮᠤ ᠪᠤᠳᠠᠭᠠᠨ ᠤ ᠲᠠᠷᠢᠮᠠᠯ ᠤᠨ ᠲᠡᠷᠢᠬᠤ ᠲᠡᠯᠡᠪᠡᠢ ᠵᠡᠷᠭᠡ ᠪᠠᠶᠢᠳᠠᠯ ᠢ ᠬᠠᠮᠲᠤ ᠳᠤ  ᠨᠢ  ᠵᠣᠬᠢᠰᠲᠠᠢ ᠬᠠᠷᠠᠭᠠᠯᠵᠠᠵᠤ ᠂ ᠲᠤᠰ ᠣᠷᠣᠨ ᠪᠦᠰᠡ ᠶᠢᠨ ᠳᠣᠲᠣᠷᠠᠬᠢ ᠬᠤᠰᠢᠭᠤ ᠰᠢᠶᠠᠨ ᠤ ᠨᠥᠬᠦᠪᠦᠷᠢ ᠶᠢᠨ ᠵᠣᠭᠤᠰ  ᠤᠨ ᠲᠤᠭ᠎ᠠ ᠶᠢ ᠶᠡᠷᠦᠩᠬᠡᠶᠢᠯᠡᠨ ᠲᠣᠭᠲᠠᠭᠠᠵᠤ ᠂ ᠵᠠᠷᠴᠢᠮ ᠳᠡᠭᠡᠷ᠎ᠡ ᠪᠠᠨ ᠰᠢᠶᠠᠨ ᠤ ᠬᠡᠪᠴᠢᠶᠡᠨ ᠳᠣᠲᠣᠷᠠᠬᠢ ᠠᠳᠠᠯᠢ ᠨᠢᠭᠡᠨ ᠠᠮᠤ ᠪᠤᠳᠠᠭᠠᠨ ᠤ ᠲᠠᠷᠢᠮᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠬᠡᠷᠡᠭᠲᠡᠢ ᠃      ᠪᠥᠬᠦ ᠣᠷᠣᠨ ᠤ ᠪᠡᠯᠡ ᠮᠥᠩᠭᠦ ᠶᠢᠨ ᠬᠡᠮᠵᠢᠶ᠎ᠡ ᠪᠠᠷ ᠲᠥᠰᠥᠭᠡᠯᠡᠨ ᠪᠤᠳᠤᠬᠤ ᠳᠤ ᠳᠤᠮᠳᠠᠴᠢ ᠪᠠᠷ ᠪᠠᠷᠤᠭ 5 ᠲᠥᠭᠦᠷᠢᠭ / ᠮᠦ ᠳᠤ ᠬᠦᠷᠴᠦ᠂ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠡᠯ᠎ᠡ ᠭᠠᠵᠠᠷ ᠤᠨ ᠬᠢᠨ ᠪᠣᠳᠠᠲᠠᠢ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃      ᠨᠥᠬᠦᠪᠦᠷᠢ ᠣᠯᠭᠤᠬᠤ ᠠᠷᠭ᠎ᠠ ᠬᠡᠯᠪᠡᠷᠢ᠄      ᠨᠥᠬᠦᠪᠦᠷᠢ ᠶᠢ ᠢᠯᠡ ᠪᠠᠷ ᠵᠠᠷᠯᠠᠨ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠨᠥᠬᠦᠪᠦᠷᠢ ᠶᠢᠨ ᠪᠡᠯᠡ ᠮᠥᠩᠭᠦ ᠶᠢ ︽ᠨᠢᠭᠡ ᠺᠠᠷᠲ ᠢᠶᠠᠷ ︵ᠨᠤᠭᠤᠯᠤᠨ ᠪᠤᠳᠤᠬᠤ︶ ᠨᠡᠪᠲᠡᠷᠡᠭᠦᠯᠬᠦ︾ ᠪᠠᠷ ᠳᠠᠮᠵᠢᠭᠤᠯᠤᠨ ᠲᠠᠷᠬᠠᠭᠠᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号