ᠨᠠᠮ ᠤᠨ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ︵ᠭᠤᠷᠪᠠ︶
ᠨᠡᠶᠢᠲᠡᠯᠡᠭᠰᠡᠨ ᠴᠠᠭ᠄
2023/10/15
      ᠲᠠᠷᠢᠶᠠᠨ ᠭᠠᠵᠠᠷ ᠢ ᠡᠭᠡᠯᠵᠢᠯᠡᠨ ᠳᠠᠷᠢᠬᠤ      ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠮᠠᠨ ᠤ ᠣᠷᠣᠨ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠨᠥᠬᠦᠪᠦᠷᠢ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢ ᠲᠣᠪᠤᠶᠢᠯᠭᠠᠨ᠂ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠰᠢᠷ᠎ᠠ ᠪᠤᠷᠴᠠᠭ ᠤᠨ ᠦᠢᠯᠡᠳᠪᠦᠷᠢᠯᠡᠯ ᠢ ᠳᠡᠮᠵᠢᠵᠦ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠡᠭᠡᠯᠵᠢᠯᠡᠨ ᠳᠠᠷᠢᠬᠤ ᠵᠠᠭᠪᠤᠷ ᠢ ᠬᠠᠶᠢᠨ ᠰᠦᠪᠡᠭᠴᠢᠯᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠪᠡ᠃      ᠨᠥᠬᠦᠪᠦᠷᠢ ᠣᠯᠭᠤᠬᠤ ᠬᠦᠷᠢᠶ᠎ᠡ ᠬᠡᠪᠴᠢᠶ᠎ᠡ ᠄      ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠪᠠ ᠰᠢᠷ᠎ᠠ ᠪᠤᠷᠴᠠᠭ ᠢ ᠥᠷᠭᠡᠳᠬᠡᠨ ᠲᠠᠷᠢᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠣᠳᠣᠬᠠᠨ ᠤ ᠪᠠ ᠠᠯᠤᠰ ᠬᠡᠲᠦ ᠶᠢ ᠨᠢᠭᠡᠳᠦᠯᠲᠡᠢ ᠲᠥᠯᠥᠪᠯᠡᠨ ᠂ ᠦᠢᠯᠡᠳᠪᠦᠷᠢᠯᠡᠯ ᠪᠠ ᠠᠮᠢ ᠠᠬᠤᠢ ᠶᠢ ᠵᠣᠬᠢᠴᠠᠭᠤᠯᠤᠨ ᠂ ᠭᠠᠵᠠᠷ ᠬᠡᠷᠡᠭᠯᠡᠬᠦ ᠪᠠ ᠲᠠᠷᠢᠶᠠᠨ ᠭᠠᠵᠠᠷ ᠢ ᠲᠡᠵᠢᠭᠡᠬᠦ ᠶᠢ ᠬᠠᠮᠲᠤ ᠳᠤ  ᠨᠢ ᠬᠠᠷᠠᠭᠠᠯᠵᠠᠵᠤ ᠂ ᠵᠠᠯᠭᠠᠵᠤ ᠲᠠᠷᠢᠬᠤ ᠬᠠᠷᠰᠢ ᠰᠠᠭᠠᠳ ᠢ ᠰᠢᠢᠳᠪᠦᠷᠢᠯᠡᠵᠦ ᠂ ᠡᠭᠡᠯᠵᠢᠯᠡᠨ ᠲᠠᠷᠢᠬᠤ ᠳᠦᠷᠢᠮ ᠢ ᠲᠡᠭᠦᠯᠳᠡᠷᠵᠢᠭᠦᠯᠦᠨ᠎ᠡ ᠃      ᠲᠥᠷᠥᠯ ᠵᠦᠢᠯ ᠤᠨ ᠣᠷᠣᠨ ᠤ ᠳᠣᠲᠣᠷ᠎ᠠ᠂ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠳᠠᠷᠢᠬᠤ ᠶᠢ ᠲᠣᠭᠲᠠᠪᠤᠷᠢᠵᠢᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢ ᠳᠡᠭᠡᠭᠰᠢᠯᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠬᠥᠳᠡᠯᠦᠩᠭᠦᠢ ᠪᠠᠷ ᠲᠣᠬᠢᠷᠠᠭᠤᠯᠬᠤ᠂ ᠲᠠᠷᠢᠮᠠᠯ ᠤᠨ ᠦᠢᠯᠡᠰ ᠢ ᠪᠣᠬᠢᠷᠲᠤᠯ ᠦᠭᠡᠢ ᠬᠥᠭᠵᠢᠭᠦᠯᠬᠦ ᠶᠢ ᠵᠣᠬᠢᠴᠠᠭᠤᠯᠤᠨ ᠠᠬᠢᠭᠤᠯᠵᠤ᠂ ᠡᠭᠡᠯᠵᠢᠯᠡᠨ ᠳᠠᠷᠢᠬᠤ ᠳᠦᠷᠢᠮ ᠢ ᠲᠦᠷᠭᠡᠳᠬᠡᠨ ᠪᠠᠶᠢᠭᠤᠯᠵᠤ᠂ ᠡᠭᠡᠯᠵᠢᠯᠡᠨ ᠳᠠᠷᠢᠬᠤ ᠵᠠᠭᠪᠤᠷ ᠪᠠ ᠭᠤᠣᠯᠳᠠᠯᠭ᠎ᠠ ᠲᠠᠢ ᠲᠠᠷᠢᠮᠠᠯ ᠢ ᠵᠦᠢ ᠵᠣᠬᠢᠰᠲᠠᠢ ᠲᠣᠭᠲᠠᠭᠠᠨ᠎ᠠ᠃      ᠨᠥᠬᠦᠪᠦᠷᠢ ᠣᠯᠭᠤᠬᠤ ᠪᠠᠷᠢᠮᠵᠢᠶ᠎ᠠ ᠄      ᠵᠠᠷᠴᠢᠮ ᠳᠡᠭᠡᠷ᠎ᠡ ᠪᠠᠨ᠂ ᠤᠯᠤᠰ  ᠠᠴᠠ ᠮᠦ ᠪᠦᠷᠢ ᠳᠤ 150 ᠲᠥᠭᠦᠷᠢᠭ ᠤᠨ ᠨᠥᠬᠦᠪᠦᠷᠢ ᠶᠢᠨ ᠪᠠᠷᠢᠮᠵᠢᠶ᠎ᠠ ᠪᠠᠷ ᠲᠥᠰᠥᠭᠡᠯᠡᠨ ᠪᠤᠳᠤᠵᠤ ᠪᠠᠭᠤᠯᠭᠠᠨ᠎ᠠ᠃ ᠡᠯ᠎ᠡ ᠠᠶᠢᠮᠠᠭ ᠬᠤᠲᠠ ᠨᠤᠭᠤᠳ ᠡᠭᠦᠷᠭᠡ ᠪᠠᠨ ᠪᠡᠶᠡᠯᠡᠭᠦᠯᠦᠭᠰᠡᠨ ᠲᠠᠯᠠᠪᠠᠶ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠪᠣᠳᠠᠲᠠᠢ ᠲᠠᠢ ᠪᠠᠨ ᠤᠶᠠᠯᠳᠤᠭᠤᠯᠤᠨ ᠬᠤᠰᠢᠭᠤ ᠰᠢᠶᠠᠨ ᠢ ᠵᠢᠯᠤᠭᠤᠳᠴᠤ ᠪᠠᠶᠢᠭᠠᠳ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃      ᠨᠥᠬᠦᠪᠦᠷᠢ ᠣᠯᠭᠤᠬᠤ ᠶᠠᠪᠤᠴᠠ᠄      ᠤᠯᠤᠰ  ᠠᠴᠠ ᠪᠠᠭᠤᠯᠭᠠᠭᠰᠠᠨ ᠡᠭᠦᠷᠭᠡ ᠶᠢᠨ ᠬᠡᠮᠵᠢᠶ᠎ᠡ᠂ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠵᠢᠴᠢ ᠭᠤᠣᠯᠳᠠᠯᠭ᠎ᠠ ᠲᠠᠢ ᠠᠵᠢᠯ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠦᠨᠳᠦᠰᠦᠯᠡᠨ᠂ ᠡᠭᠦᠷᠭᠡ ᠶᠢ ᠱᠠᠲᠤ ᠳᠠᠷᠠᠭᠠᠯᠠᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠦᠷᠲᠡᠯ᠎ᠡ ᠬᠤᠪᠢᠶᠠᠨ᠎ᠠ᠃      ᠬᠤᠰᠢᠭᠤ ᠰᠢᠶᠠᠨ ︵ᠬᠤᠲᠠ᠂ ᠲᠣᠭᠤᠷᠢᠭ︶ ᠨᠢ ᠮᠠᠯᠴᠢᠨ ᠲᠠᠷᠢᠶᠠᠴᠢᠨ ᠪᠣᠯᠣᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠰᠢᠯᠢᠳᠡᠭ ᠢ ᠨᠢ ᠰᠣᠩᠭᠤᠨ ᠡᠭᠦᠷᠭᠡ ᠡᠭᠦᠷᠭᠡᠯᠡᠭᠦᠯᠦᠨ᠎ᠡ᠃      ᠰᠤᠮᠤ ᠰᠢᠶᠠᠩ ᠪᠠᠯᠭᠠᠰᠤ ᠂ ᠭᠠᠴᠠᠭ᠎ᠠ ᠲᠣᠰᠬᠤᠨ ᠪᠣᠯᠣᠨ ᠬᠡᠷᠡᠭᠵᠢᠭᠦᠯᠬᠦ ᠭᠤᠣᠯ ᠴᠣᠭᠴᠠ ᠠᠴᠠ ᠡᠭᠡᠯᠵᠢᠯᠡᠨ ᠲᠠᠷᠢᠬᠤ ᠵᠥᠪᠯᠡᠯᠴᠡᠭᠡᠷ ᠲᠣᠭᠲᠠᠵᠤ ᠂ ᠬᠤᠰᠢᠭᠤ ᠰᠢᠶᠠᠨ ︵ ᠬᠤᠳᠠ ᠂ ᠲᠣᠭᠤᠷᠢᠭ ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠃      ᠨᠥᠬᠦᠪᠦᠷᠢ ᠣᠯᠭᠤᠬᠤ ᠠᠷᠭ᠎ᠠ ᠬᠡᠯᠪᠡᠷᠢ᠄      ᠵᠥᠪᠯᠡᠯᠴᠡᠭᠡᠷ ᠲᠣᠭᠲᠠᠭᠰᠠᠨ ᠪᠥᠭᠡᠳ ᠡᠭᠡᠯᠵᠢᠯᠡᠨ ᠳᠠᠷᠢᠬᠤ ᠱᠠᠭᠠᠷᠳᠠᠯᠭ᠎ᠠ ᠳᠤ ᠨᠡᠶᠢᠴᠡᠭᠰᠡᠨ ᠬᠡᠷᠡᠭᠵᠢᠭᠦᠯᠬᠦ ᠭᠤᠣᠯ ᠴᠣᠭᠴᠠ ᠳᠤ ︽ᠨᠢᠭᠡ ᠺᠠᠷᠲ ᠢᠶᠠᠷ ᠨᠡᠪᠲᠡᠷᠡᠭᠦᠯᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠥᠬᠦᠪᠦᠷᠢ ᠶᠢᠨ ᠪᠡᠯᠡ ᠮᠥᠩᠭᠦ ᠣᠯᠭᠤᠨ᠎ᠠ᠃      ᠨᠥᠬᠦᠪᠦᠷᠢ ᠣᠯᠭᠤᠬᠤ ᠦᠭᠡᠢ ᠪᠠᠶᠢᠳᠠᠯ ᠄      ᠭᠡᠷ᠎ᠡ ᠠᠴᠠ ᠵᠥᠷᠢᠴᠡᠨ ᠲᠠᠷᠢᠭᠰᠠᠨ᠂ ᠥᠨᠵᠢᠭᠦᠯᠦᠨ ᠲᠠᠷᠢᠭᠰᠠᠨ ᠵᠡᠷᠭᠡ ᠳᠤ ᠨᠥᠬᠦᠪᠦᠷᠢ ᠣᠯᠭᠤᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号