ᠨᠠᠮ ᠤᠨ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ︵ᠳᠥᠷᠪᠡ︶
ᠨᠡᠶᠢᠲᠡᠯᠡᠭᠰᠡᠨ ᠴᠠᠭ᠄
2023/10/26
      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ      ᠨᠥᠬᠦᠪᠦᠷᠢ ᠣᠯᠭᠤᠬᠤ ᠬᠦᠷᠢᠶ᠎ᠡ ᠬᠡᠪᠴᠢᠶ᠎ᠡ ᠄      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠣᠷᠣᠨ ᠪᠦᠰᠡ ᠶᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠭᠡᠵᠦ ᠬᠤᠪᠢᠶᠠᠨ᠎ᠠ᠃      ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠶᠢ ᠦᠨᠳᠦᠰᠦᠯᠡᠨ ᠵᠦᠢ ᠵᠣᠬᠢᠰᠲᠠᠢ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢ ᠬᠡᠷᠡᠭᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠣᠯᠭᠤᠨ᠎ᠠ︔      ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠲᠣᠭᠲᠠᠭᠠᠭᠰᠠᠨ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠣᠯᠭᠤᠨ᠎ᠠ ᠃      ᠨᠥᠬᠦᠪᠦᠷᠢ ᠣᠯᠭᠤᠬᠤ ᠡᠲᠡᠭᠡᠳ᠄      ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠪᠤᠶᠤ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠭᠡᠷ᠎ᠡ ᠲᠣᠭᠲᠠᠭᠰᠠᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ᠶᠢᠨ ᠠᠵᠢᠯᠲᠠᠨ ᠠᠵᠢᠯᠴᠢᠨ᠃      ᠨᠥᠬᠦᠪᠦᠷᠢ ᠣᠯᠭᠤᠬᠤ ᠪᠠᠷᠢᠮᠵᠢᠶ᠎ᠠ ᠄      ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠶᠢ 7.5 ᠲᠥᠭᠦᠷᠢᠭ /ᠮᠦ x ᠪᠠᠷᠢᠮᠵᠢᠶᠠᠲᠤ ᠮᠦ ᠶᠢᠨ ᠢᠯᠡᠳᠬᠡᠮᠵᠢ ᠪᠠᠷ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠢ 2.5 ᠲᠥᠭᠦᠷᠢᠭ /ᠮᠦ x ᠪᠠᠷᠢᠮᠵᠢᠶᠠᠲᠤ ᠮᠦ ᠶᠢᠨ ᠢᠯᠡᠳᠬᠡᠮᠵᠢ ᠪᠠᠷ ᠠᠶᠢᠮᠠᠭ ᠬᠤᠲᠠ᠂ ᠬᠤᠰᠢᠭᠤ ᠰᠢᠶᠠᠨ ᠨᠢ ᠪᠣᠳᠠᠲᠠᠢ ᠲᠠᠢ ᠪᠠᠨ ᠤᠶᠠᠯᠳᠤᠭᠤᠯᠤᠨ ᠵᠣᠬᠢᠰᠲᠠᠢ ᠲᠣᠬᠢᠷᠠᠭᠤᠯᠤᠨ᠎ᠠ᠃      ᠪᠠᠷᠢᠮᠵᠢᠶᠠᠲᠤ ᠮᠦ ᠶᠢᠨ ᠢᠯᠡᠳᠬᠡᠮᠵᠢ ᠶᠢ ᠡᠯ᠎ᠡ ᠭᠠᠵᠠᠷ ᠤᠨ ᠨᠤᠲᠤᠭ ᠪᠡᠯᠴᠢᠭᠡᠷ ᠤᠨ ᠪᠠᠶᠢᠳᠠᠯ ᠪᠣᠯᠣᠨ ᠪᠡᠯᠴᠢᠭᠡᠷ ᠤᠨ ᠮᠦ ᠶᠢᠨ ᠳᠤᠮᠳᠠᠴᠢ ᠡᠪᠡᠰᠦᠨ ᠤ ᠤᠨᠠᠯᠲᠠ ᠶᠢᠨ ᠬᠡᠮᠵᠢᠶ᠎ᠡ ᠶᠢ ᠦᠨᠳᠦᠰᠦᠯᠡᠨ ᠲᠣᠭᠲᠠᠭᠠᠨ᠎ᠠ᠃      ᠨᠥᠬᠦᠪᠦᠷᠢ ᠣᠯᠭᠤᠬᠤ ᠠᠷᠭ᠎ᠠ ᠬᠡᠯᠪᠡᠷᠢ᠄      ︽ᠨᠢᠭᠡ ᠺᠠᠷᠲ ᠢᠶᠠᠷ ︵ᠨᠤᠭᠤᠯᠵᠤ︶ ᠨᠡᠪᠲᠡᠷᠡᠭᠦᠯᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠬᠠᠭᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号