ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠠᠷᠪᠠᠨ ᠵᠢᠷᠭᠤᠳᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/27
      10 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠠᠷᠪᠠᠨ ᠵᠢᠷᠭᠤᠳᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠬᠡᠯᠪᠡᠷᠢ ᠶᠢᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ᠵᠢᠴᠢ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠳᠡᠭᠡᠷᠡᠬᠢ ᠬᠤᠯᠪᠣᠭᠳᠠᠯ ᠪᠦᠬᠦᠢ ᠶᠠᠷᠢᠶᠠᠨ ᠤ ᠵᠣᠷᠢᠭ ᠰᠠᠨᠠᠭ᠎ᠠ ᠵᠡᠷᠭᠡ ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠶᠢ ᠤᠯᠠᠮᠵᠢᠯᠠᠨ ᠰᠤᠷᠣᠯᠴᠠᠪᠠ᠃ 
640.jpg
       ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠂ ︽ ᠲᠤᠯᠤᠭᠠᠨ ᠬᠦᠴᠦᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ ᠂ ᠪᠦᠬᠦ ᠣᠷᠣᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ ᠂ ᠦᠨᠳᠦᠰᠦᠨ ᠱᠠᠲᠤᠨ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠵᠦ ᠂ ︽ ᠨᠠᠮ ᠤᠨ ᠠᠴᠢ ᠶᠢ ᠮᠡᠳᠡᠷᠡᠵᠦ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠠᠬᠢᠭᠤᠯᠬᠤ ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠂ ᠰᠠᠯᠠᠭ᠎ᠠ ᠮᠥᠴᠢᠷ ᠤᠨ ᠦᠪᠡᠷ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠵᠤ ᠂ ᠵᠥᠷᠢᠶ᠎ᠡ ᠪᠠᠨ ᠡᠷᠢᠵᠦ ᠂ ᠴᠢᠭᠯᠡᠯ ᠢᠶᠠᠨ ᠲᠣᠳᠣᠷᠬᠠᠶᠢᠯᠠᠵᠤ ᠂ ᠠᠷᠭ᠎ᠠ ᠬᠡᠮᠵᠢᠶ᠎ᠡ ᠪᠠᠨ ᠲᠣᠭᠲᠠᠭᠠᠵᠤ ᠂ ᠵᠢᠱᠢᠶᠡᠴᠢ ᠰᠠᠯᠠᠭ᠎ᠠ ᠮᠥᠴᠢᠷ ᠪᠠ ᠴᠠᠭᠠᠷᠠᠭᠰᠠᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠂ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠪᠣᠯᠣᠨ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠤᠨ ᠱᠠᠭᠠᠷᠳᠠᠯᠭ᠎ᠠ ᠶᠣᠰᠣᠭᠠᠷ ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠂ ᠠᠵᠢᠯ ᠤᠨ ᠬᠤᠭᠤᠴᠠᠭ᠎ᠠ ᠶᠢ ᠡᠭᠡᠯᠵᠢᠯᠡᠨ ᠲᠣᠬᠢᠷᠠᠭᠤᠯᠵᠤ ᠂ ᠪᠦᠬᠦ ᠬᠦᠴᠦᠨ ᠢᠶᠠᠷ ᠲᠦᠯᠬᠢᠨ ᠠᠬᠢᠭᠤᠯᠵᠤ ᠂ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠵᠤ ᠂ ᠮᠠᠯ ᠠᠵᠤ ᠠᠬᠤᠢ ᠶᠢᠨ ᠦᠢᠯᠡᠳᠪᠦᠷᠢᠯᠡᠯ ᠢ ᠦᠷᠭᠦᠯᠵᠢᠯᠡᠨ ᠲᠣᠭᠲᠠᠪᠤᠷᠢᠵᠢᠭᠤᠯᠵᠤ ᠂ ᠭᠤᠣᠯᠳᠠᠯᠭ᠎ᠠ ᠲᠠᠢ ᠵᠦᠢᠯᠡᠰ ᠢ ᠲᠦᠷᠭᠡᠪᠴᠢᠯᠡᠨ ᠠᠬᠢᠭᠤᠯᠵᠤ ᠂ ︽ ᠶᠠᠮᠤᠨ ᠳᠤ ᠬᠦᠷᠴᠦ ᠪᠡᠭᠡᠵᠢᠩ ᠳᠤ ᠣᠷᠣᠬᠤ ︾ ᠡᠷᠴᠢᠮ ᠢᠶᠠᠨ ᠴᠢᠩᠭᠠᠷᠠᠭᠤᠯᠵᠤ ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠠᠯᠪᠠᠨ ᠳᠠᠭᠠᠨ ᠪᠠᠶᠢᠭ᠎ᠠ ᠲᠢᠩᠬᠢᠮ ᠤᠨ ᠤᠳᠤᠷᠢᠳᠤᠯᠭ᠎ᠠ ᠂ ᠶᠡᠷᠦᠩᠬᠡᠢ ᠢᠨᠵᠧᠨᠧᠷ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠂ ᠲᠢᠩᠬᠢᠮ ᠤᠨ ᠪᠠᠶᠢᠭᠤᠯᠤᠯᠭ᠎ᠠ ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号