ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠷ᠎ᠡ ᠪᠣᠶᠢᠵᠢᠭᠤᠯᠬᠤ ᠲᠣᠮᠣ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2023/10/27
      10 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠭᠤᠣᠯᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠷ᠎ᠡ ᠪᠣᠶᠢᠵᠢᠭᠤᠯᠬᠤ ᠲᠣᠮᠣ ᠰᠢᠶᠠᠨ ᠤ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠲᠠᠨᠢᠯᠴᠠᠭᠤᠯᠭ᠎ᠠ ᠶᠢᠨ ᠬᠤᠷᠠᠯ ᠬᠥᠬᠡᠬᠤᠲᠠ ᠳᠤ ᠶᠠᠪᠤᠭᠳᠠᠪᠠ᠃ ᠲᠤᠰ ᠤᠳᠠᠭ᠎ᠠ ᠶᠢᠨ ᠠᠵᠢᠯᠯᠠᠭ᠎ᠠ  ᠨᠢ ︽ ᠰᠢᠶᠠᠨ ᠤ ᠠᠵᠤ ᠠᠬᠤᠶᠢᠯᠠᠯ ᠢ ᠬᠠᠪᠰᠤᠷᠤᠨ ᠬᠠᠮᠲᠤᠪᠠᠷ ᠪᠠᠶᠢᠭᠤᠯᠵᠤ ᠦᠷ᠎ᠡ ᠪᠣᠶᠢᠵᠢᠭᠤᠯᠬᠤ ᠳᠠᠪᠠᠭᠤᠯᠢᠭ ᠢ ᠪᠠᠳᠠᠷᠠᠭᠤᠯᠤᠨ ᠰᠠᠭᠤᠷᠢᠨ ᠭᠠᠵᠠᠷ ᠤᠨ ᠳᠡᠭᠡᠭᠰᠢᠯᠡᠯᠲᠡ ᠶᠢ ᠠᠬᠢᠭᠤᠯᠤᠶ᠎ᠠ︾ ᠭᠡᠬᠦ ᠪᠠᠷ ᠭᠤᠣᠯ ᠰᠡᠳᠦᠪ ᠪᠣᠯᠭᠠᠵᠤ ᠂ ᠲᠥᠪ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠂ ᠮᠠᠨ ᠤ ᠣᠷᠣᠨ ᠤ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠵᠠᠢ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ ᠂ ᠳᠤᠮᠳᠠᠳᠤ ᠤᠯᠤᠰ ᠤᠨ ᠦᠷ᠎ᠡ ᠶᠢᠨ ᠨᠡᠶᠢᠭᠡᠮᠯᠢᠭ ᠤᠨ ᠳᠡᠳ᠋ ᠳᠠᠷᠤᠭ᠎ᠠ ᠮᠠ ᠱᠤ᠋ ᠫᠢᠩ ᠂ ᠳ᠋ᠠ ᠪᠧᠢ ᠨᠦᠩ ᠪᠦᠯᠦᠭᠯᠡᠯ ᠤᠨ ᠪᠡᠭᠡᠵᠢᠩ ᠤᠨ ᠹᠧᠩ ᠳ᠋ᠦ᠋ ᠭᠤᠣ ᠺᠧ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠱᠢ ᠠᠵᠢᠯᠯᠠᠭ᠎ᠠ ᠳᠤ ᠣᠷᠣᠯᠴᠠᠭᠰᠠᠨ ᠪᠥᠭᠡᠳ ᠲᠤᠰ ᠲᠤᠰ ᠪᠠᠶᠠᠷ ᠤᠨ ᠦᠭᠡ ᠬᠡᠯᠡᠪᠡ ᠃
1.png
 
2.png
      ᠠᠵᠢᠯᠯᠠᠭ᠎ᠠ ᠶᠢᠨ ᠳᠤᠮᠳᠠ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠲᠥᠯᠦᠪᠵᠢᠭᠦᠯᠭᠡ ᠶᠢᠨ ᠭᠠᠵᠠᠷ ᠤᠨ ᠳ᠋ᠣᠺᠲ᠋ᠣᠷ ᠵᠢᠢ ᠭᠤᠤ ᠵᠢᠶᠧ ︽ ᠣᠳᠣᠬᠢᠴᠢᠯᠠᠭᠰᠠᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ ︾ ᠭᠡᠬᠦ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠵᠡᠢ ᠃ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠂ ᠣᠩᠨᠢᠭᠤᠳ ᠬᠤᠰᠢᠭᠤ ᠂ ᠠᠤᠬᠠᠨ ᠬᠤᠰᠢᠭᠤ ᠂ ᠪᠠᠶᠠᠨᠨᠠᠭᠤᠷ ᠬᠤᠳᠠ ᠶᠢᠨ ᠬᠠᠩᠭᠢᠨ ᠬᠤᠶᠢᠲᠤ ᠬᠤᠰᠢᠭᠤ ᠂ ᠤᠯᠠᠭᠠᠨᠴᠠᠪ ᠬᠤᠳᠠ ᠶᠢᠨ ᠳᠥᠷᠪᠡᠳ ᠬᠤᠰᠢᠭᠤ ᠂ ᠬᠥᠯᠥᠨ ᠪᠤᠶᠢᠷ ᠬᠤᠳᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯᠣᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 7 ᠬᠤᠰᠢᠭᠤ ᠳᠤᠭᠤᠷᠢᠭ ᠳᠤᠰ ᠳᠤᠰ ᠭᠠᠵᠠᠷ ᠣᠷᠣᠨ ᠤ ᠪᠠᠨ ᠦᠷ᠎ᠡ ᠶᠢᠨ ᠦᠢᠯᠡᠰ ᠤᠨ ᠳᠦᠷᠦ ᠶᠢᠨ ᠪᠣᠳᠣᠯᠭ᠎ᠠ ᠂ ᠬᠡᠷᠡᠭᠯᠡᠬᠦ ᠭᠠᠵᠠᠷ ᠤᠨ ᠬᠡᠪᠴᠢᠶ᠎ᠡ ᠂ ᠪᠠᠶᠢᠭᠠᠯᠢ ᠶᠢᠨ ᠨᠥᠬᠦᠴᠡᠯ ᠤᠨ ᠳᠠᠪᠠᠭᠤᠯᠢᠭ ᠵᠡᠷᠭᠡ ᠠᠭᠤᠯᠭ᠎ᠠ ᠶᠢᠨ ᠲᠣᠭᠤᠷᠢᠨ ᠳᠤ ᠳᠠᠨᠢᠯᠴᠠᠭᠤᠯᠭ᠎ᠠ ᠬᠢᠭᠰᠡᠨ ᠪᠠᠶᠢᠨ᠎ᠠ ᠃ ᠡᠨᠡ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠳ᠋ᠠ ᠪᠧᠢ ᠨᠦᠩ ᠪᠦᠯᠦᠭᠯᠡᠯ ᠤᠨ ᠪᠡᠭᠡᠵᠢᠩ ᠤᠨ ᠴᠤᠸᠠᠩ ᠵᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠦᠷ᠎ᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠵᠦᠩ ᠵᠢᠶᠠ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠰᠢ ᠮᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠲᠥᠷᠥᠯ ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ︾ ᠶᠢ ᠨᠡᠶᠢᠲᠡᠯᠡᠪᠡ᠃
3.png
 
4.png
      ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠲᠤ ᠵᠣᠯᠭᠠᠯᠴᠠᠭ᠎ᠠ ᠶᠢᠨ ᠶᠠᠷᠢᠯᠴᠠᠬᠤ ᠬᠤᠷᠠᠯ ᠡᠷᠬᠢᠯᠡᠪᠡ ᠂ ᠦᠷ᠎ᠡ ᠪᠣᠶᠢᠵᠢᠭᠤᠯᠬᠤ ᠲᠣᠮᠣ ᠰᠢᠶᠠᠨ ᠪᠠ ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠶᠠᠷᠢᠶ᠎ᠠ ᠲᠠᠯᠪᠢᠵᠤ᠂ ᠭᠦᠨᠵᠡᠭᠡᠢ ᠰᠣᠯᠢᠯᠴᠠᠨ ᠰᠤᠳᠤᠯᠤᠨ ᠶᠠᠷᠢᠯᠴᠠᠵᠤ᠂ ᠵᠠᠰᠠᠭ ᠤᠨ ᠤᠷᠳᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠤᠨ᠂ ᠦᠷ᠎ᠡ ᠪᠣᠶᠢᠵᠢᠭᠤᠯᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠰᠦᠪᠡᠭᠴᠢᠯᠡᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ ᠣᠷᠣᠨ ᠤ ᠳᠣᠲᠣᠷ᠎ᠠ ᠭᠠᠳᠠᠨᠠᠬᠢ 70 ᠭᠠᠷᠤᠢ ᠦᠷ᠎ᠡ ᠶᠢᠨ ᠠᠵᠤ ᠠᠬᠤᠶᠢᠯᠠᠯ ᠣᠷᠣᠯᠴᠠᠵᠤ᠂ ᠪᠥᠬᠦ ᠤᠯᠤᠰ ᠤᠨ ᠡᠷᠳᠡᠨᠢ ᠰᠢᠰᠢ ᠶᠢᠨ ᠦᠷ᠎ᠡ ᠶᠢᠨ ᠦᠢᠯᠡᠰ ᠤᠨ ᠲᠦᠷᠦᠭᠦᠸ 10 ᠬᠦᠴᠦᠷᠬᠡᠭ ᠠᠵᠤ ᠠᠬᠤᠶᠢᠯᠠᠯ ᠤᠨ 7 ᠨᠢ ᠬᠤᠷᠠᠯ ᠳᠤ ᠣᠷᠣᠯᠴᠠᠵᠤ᠂ ᠡᠭᠦᠨ ᠳᠤ 27 ᠠᠵᠤ ᠠᠬᠤᠶᠢᠯᠠᠯ ᠬᠠᠮᠲᠤᠷᠠᠯᠴᠠᠬᠤ ᠬᠦᠰᠡᠯ ᠲᠠᠢ ᠪᠣᠯᠵᠤ᠂ 4 ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 4.15 ᠳ᠋ᠦᠩᠰᠢᠭᠤᠷ ᠲᠥᠭᠦᠷᠢᠭ ᠲᠤ ᠬᠦᠷᠴᠡᠢ᠃
5.png
       ᠳᠠᠷᠠᠭᠠᠴᠢ ᠶᠢᠨ ᠠᠯᠬᠤᠮ ᠳᠤ ᠂ ᠥᠪᠥᠷ ᠮᠣᠩᠭᠤᠯ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ ᠂ ᠦᠷ᠎ᠡ ᠶᠢᠨ ᠦᠢᠯᠡᠰ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠂ ᠦᠷ᠎ᠡ ᠶᠢᠨ ᠦᠢᠯᠡᠰ ᠤᠨ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ ᠂ ᠦᠷ᠎ᠡ ᠶᠢᠨ ᠦᠢᠯᠡᠰ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠦᠨ᠎ᠡ ᠃
6.png
       ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠳᠤᠮᠳᠠᠳᠤ ᠤᠯᠤᠰ ᠤᠨ ᠦᠷ᠎ᠡ ᠶᠢᠨ ᠨᠡᠶᠢᠭᠡᠮᠯᠢᠭ ᠠᠴᠠ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ᠂ ᠨᠢᠭᠡᠴᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠠᠮᠢᠶ᠎ᠠ ᠪᠦᠬᠦᠢ ᠬᠥᠮᠥᠰ᠂ ᠡᠯ᠎ᠡ ᠦᠷ᠎ᠡ ᠪᠣᠶᠢᠵᠢᠭᠤᠯᠬᠤ ᠲᠣᠮᠣ ᠰᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠣᠷᠣᠨ ᠤ ᠳᠣᠲᠣᠷ᠎ᠠ ᠭᠠᠳᠠᠨᠠᠬᠢ ᠨᠠᠷᠠᠲᠤ ᠦᠷ᠎ᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号