ᠨᠠᠮ ᠤᠨ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ︵ᠵᠢᠷᠭᠤᠭ᠎ᠠ︶
ᠨᠡᠶᠢᠲᠡᠯᠡᠭᠰᠡᠨ ᠴᠠᠭ᠄
2023/11/18
      ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠨᠥᠬᠦᠪᠦᠷᠢ ᠵᠠᠷᠤᠳᠠᠯ ᠤᠨ ᠲᠥᠷᠥ ᠶᠢᠨ ᠪᠣᠳᠣᠯᠭ᠎ᠠ      ᠠᠯᠪᠠᠳᠠᠯᠭ᠎ᠠ ᠶᠢᠨ ᠡᠭᠡᠯᠢᠯᠡᠭᠡ ᠶᠢᠨ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠨᠢ ᠶᠠᠭᠤ ᠪᠣᠶ ︖      ᠤᠯᠤᠰ ᠠᠴᠠ ᠰᠢᠯᠦᠬᠡᠢ ᠡᠪᠡᠳᠴᠢᠨ ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠂ ᠬᠡᠪᠢᠭᠴᠢ ᠵᠢᠵᠢᠭ ᠮᠠᠯ ᠤᠨ ᠬᠢᠵᠢᠭ ᠂ ᠪᠷᠦ᠋ᠼᠧᠯ ᠡᠪᠡᠳᠴᠢᠨ ᠂ ᠪᠠᠭᠯᠠᠭᠴᠢ ᠬᠤᠷᠤᠬᠠᠶᠢᠲᠤ ᠡᠪᠡᠳᠴᠢᠨ ᠵᠡᠷᠭᠡ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠡᠭᠡᠯᠢᠯᠭᠡ ᠬᠢᠯᠭᠡᠨ᠎ᠡ ᠃      ᠠᠯᠪᠠᠳᠠᠯᠭ᠎ᠠ ᠶᠢᠨ ᠡᠭᠡᠯᠢᠯᠡᠭᠡ ᠶᠢᠨ ᠸᠠᠺᠼᠢᠨ ᠢ ᠮᠤᠵᠢ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠤᠨ᠎ᠠ᠃      ᠸᠠᠺᠼᠢᠨ ᠤ ᠵᠠᠷᠤᠳᠠᠯ ᠢ ᠲᠥᠪ ᠪᠠ ᠣᠷᠣᠨ ᠨᠤᠲᠤᠭ ᠬᠠᠮᠲᠤ ᠪᠠᠷ ᠬᠠᠷᠢᠴᠠᠯ ᠶᠣᠰᠣᠭᠠᠷ ᠬᠤᠪᠢᠶᠠᠨ ᠡᠭᠦᠷᠭᠡᠯᠡᠵᠦ᠂ ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠠᠯᠪᠠᠳᠠᠯᠭ᠎ᠠ ᠶᠢᠨ ᠡᠭᠡᠯᠢᠯᠡᠭᠡ ᠶᠢᠨ ᠸᠠᠺᠼᠢᠨ ᠤ ᠵᠠᠷᠤᠳᠠᠯ ᠢ ᠲᠥᠯᠥᠬᠦ ᠴᠢᠬᠤᠯᠠ ᠦᠭᠡᠢ᠃      ᠨᠥᠬᠦᠴᠡᠯ ᠳᠤ ᠨᠡᠶᠢᠴᠡᠬᠦ ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠳᠤ ᠠᠯᠪᠠᠳᠠᠯᠭ᠎ᠠ ᠶᠢᠨ ᠡᠭᠡᠯᠢᠯᠡᠭᠡ  ᠶᠢᠨ ︽ ᠤᠷᠢᠳᠠᠪᠠᠷ ᠲᠠᠷᠢᠵᠤ ᠳᠠᠷᠠᠭ᠎ᠠ ᠨᠢ ᠨᠥᠬᠦᠪᠦᠷᠢᠯᠡᠬᠦ︾ ᠶᠢ ᠬᠡᠷᠡᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠶᠢᠨ ᠪᠡᠶ᠎ᠡ ᠪᠠᠨ ᠳᠠᠭᠠᠭᠠᠵᠤ ᠬᠤᠳᠠᠯᠳᠤᠨ ᠠᠪᠬᠤ᠂ ᠡᠳ᠋ ᠤᠨ ᠵᠠᠰᠠᠭ  ᠠᠴᠠ ᠰᠢᠭᠤᠳ ᠨᠥᠬᠦᠪᠦᠷᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      ︽ᠤᠷᠢᠳᠠᠪᠠᠷ ᠳᠠᠷᠢᠵᠤ ᠳᠠᠷᠠᠭ᠎ᠠ ᠨᠢ ᠨᠥᠬᠦᠪᠦᠷᠢᠯᠡᠬᠦ︾ ᠠᠵᠢᠯᠯᠠᠭ᠎ᠠ ᠥᠷᠨᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠤᠯᠤᠰ  ᠠᠴᠠ ᠵᠥᠪᠰᠢᠶᠡᠷᠡᠭᠰᠡᠨ ᠠᠯᠪᠠᠳᠠᠯᠭ᠎ᠠ ᠶᠢᠨ ᠡᠭᠡᠯᠢᠯᠡᠭᠡ ᠶᠢᠨ ᠸᠠᠺᠼᠢᠨ ᠢ ᠦᠪᠡᠷᠲᠡᠭᠡᠨ ᠰᠣᠩᠭᠤᠨ ᠬᠤᠳᠠᠯᠳᠤᠨ ᠠᠪᠴᠤ ᠪᠣᠯᠣᠨ᠎ᠠ᠂ ᠣᠷᠣᠨ ᠨᠤᠲᠤᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠮᠠᠯ ᠡᠮᠨᠡᠯᠭᠡ ᠶᠢᠨ ᠰᠠᠯᠠᠭ᠎ᠠ ᠮᠥᠴᠢᠷ ᠤᠨ ᠬᠠᠩᠭᠠᠭᠰᠠᠨ ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠶᠢᠨ ᠪᠣᠳᠠᠲᠠᠢ ᠡᠭᠡᠯᠢᠯᠡᠭᠡ ᠶᠢᠨ ᠲᠤᠭ᠎ᠠ ᠬᠡᠮᠵᠢᠶ᠎ᠡ ᠪᠠ ᠡᠭᠡᠯᠢᠯᠡᠭᠡ ᠶᠢᠨ ᠦᠷ᠎ᠡ ᠪᠦᠲᠦᠮᠵᠢ ᠶᠢ ᠦᠨᠳᠦᠰᠦᠯᠡᠨ᠂ ᠲᠣᠭᠲᠠᠭᠠᠯ ᠶᠣᠰᠣᠭᠠᠷ ᠡᠭᠡᠯᠢᠯᠡᠭᠡ ᠶᠢᠨ ᠠᠵᠢᠯᠯᠠᠭ᠎ᠠ ᠬᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠳᠤ ᠨᠥᠬᠦᠪᠦᠷᠢ ᠶᠢᠨ ᠵᠠᠷᠤᠳᠠᠯ ᠲᠣᠬᠢᠷᠠᠭᠤᠯᠤᠨ᠎ᠠ᠃      ᠠᠮᠢᠲᠠᠨ ᠤ ᠬᠢᠵᠢᠭ ᠡᠪᠡᠳᠴᠢᠨ ᠢ ᠠᠷᠢᠯᠭᠠᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠨᠢ ᠶᠠᠭᠤ ᠪᠣᠶ︖      ᠤᠯᠤᠰ ᠠᠴᠠ ᠠᠹᠷᠢᠺᠠ ᠲᠢᠪ ᠤᠨ ᠭᠠᠭ᠋ᠠᠢ ᠶᠢᠨ ᠬᠢᠵᠢᠭ ᠂ ᠰᠢᠯᠦᠬᠡᠢ ᠡᠪᠡᠳᠴᠢᠨ ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠂ ᠬᠡᠪᠢᠭᠴᠢ ᠠᠮᠢᠲᠠᠨ ᠤ ᠬᠢᠵᠢᠭ ᠲᠤ ᠠᠮᠠᠷᠬᠠᠨ ᠨᠡᠷᠪᠡᠭᠳᠡᠬᠦ ᠵᠢᠵᠢᠭ ᠠᠮᠢᠲᠠᠨ ᠵᠢᠴᠢ ᠢᠵᠢᠯ ᠰᠦᠷᠦᠭ ᠤᠨ ᠠᠮᠢᠲᠠᠨ ᠂ ᠪᠷᠦ᠋ᠼᠧᠯ ᠡᠪᠡᠳᠴᠢᠨ ᠂ ᠰᠦᠷᠢᠶ᠎ᠡ ᠡᠪᠡᠳᠴᠢᠨ ᠂ ᠪᠠᠭᠯᠠᠭᠴᠢ ᠬᠤᠷᠤᠬᠠᠶᠢᠲᠤ ᠡᠪᠡᠳᠴᠢᠨ ᠂ ᠠᠳᠤᠭᠤᠨ ᠤ ᠶᠠᠮ᠎ᠠ ᠪᠠ ᠠᠳᠤᠭᠤᠨ ᠤ ᠤᠯᠠᠮᠵᠢᠯᠠᠯ ᠤᠨ ᠶᠠᠳᠠᠭᠤ ᠠᠷᠭ᠎ᠠ ᠴᠢᠨᠠᠷᠲᠠᠢ ᠠᠮᠢᠲᠠᠨ ᠢ ᠠᠯᠪᠠᠳᠠᠯᠭ᠎ᠠ ᠪᠠᠷ ᠠᠯᠠᠵᠤ ᠂ ᠠᠯᠪᠠᠳᠠᠯᠭ᠎ᠠ ᠪᠠᠷ ᠠᠯᠠᠭᠳᠠᠵᠤ ᠪᠠᠶᠢᠭ᠎ᠠ ᠠᠮᠢᠲᠠᠨ ᠤ ᠥᠮᠴᠢᠯᠡᠭᠴᠢ ᠵᠢᠴᠢ ᠤᠰᠠᠳᠬᠠᠭᠳᠠᠵᠤ ᠪᠠᠶᠢᠭ᠎ᠠ ᠠᠮᠢᠲᠠᠨ ᠤ ᠠᠰᠢᠭ ᠰᠢᠮ᠎ᠡ ᠪᠠ ᠬᠤᠯᠪᠣᠭᠳᠠᠯ ᠪᠦᠬᠦᠢ ᠡᠳ᠋ ᠪᠣᠳᠠᠰ ᠲᠤ ᠵᠣᠬᠢᠬᠤ ᠬᠡᠮᠵᠢᠶᠡᠨ ᠤ ᠨᠥᠬᠦᠪᠦᠷᠢ ᠥᠭᠭᠦᠨ᠎ᠡ ᠃      ᠨᠥᠬᠦᠪᠦᠷᠢ ᠶᠢᠨ ᠪᠠᠷᠢᠮᠵᠢᠶ᠎ᠠ ᠨᠢ ᠵᠢᠭᠦᠷᠲᠡᠨ 15 ᠲᠥᠭᠦᠷᠢᠭ \ ᠦᠳᠦ᠂ ᠭᠠᠭ᠋ᠠᠢ 800ᠲᠥᠭᠦᠷᠢᠭ \ ᠲᠣᠯᠣᠭᠠᠢ ︵ᠠᠹᠷᠢᠺᠠ ᠲᠢᠪ ᠤᠨ ᠭᠠᠭ᠋ᠠᠢ ᠶᠢᠨ ᠬᠢᠵᠢᠭ ᠠᠴᠠ ᠪᠣᠯᠤᠭᠰᠠᠨ ᠭᠠᠭ᠋ᠠᠢ ᠶᠢ ᠠᠯᠠᠬᠤ ᠨᠥᠬᠦᠪᠦᠷᠢ ᠶᠢᠨ ᠪᠠᠷᠢᠮᠵᠢᠶ᠎ᠠ 1200 ᠲᠥᠭᠦᠷᠢᠭ \ ᠲᠣᠯᠣᠭᠠᠢ︶᠂ ᠰᠠᠭᠠᠯᠢ ᠶᠢᠨ ᠦᠨᠢᠶ᠎ᠡ 6000ᠲᠥᠭᠦᠷᠢᠭ \ ᠲᠣᠯᠣᠭᠠᠢ᠂ ᠠᠯᠠᠰᠢᠨ ᠦᠬᠡᠷ 3000 ᠲᠥᠭᠦᠷᠢᠭ \ ᠲᠣᠯᠣᠭᠠᠢ᠂ ᠬᠤᠨᠢ 500ᠲᠥᠭᠦᠷᠢᠭ \ ᠲᠣᠯᠣᠭᠠᠢ᠂ ᠮᠣᠷᠢ 12000 ᠲᠥᠭᠦᠷᠢᠭ \ ᠲᠣᠯᠣᠭᠠᠢ᠂ ᠪᠤᠰᠤᠳ ᠮᠠᠯ ᠵᠢᠭᠦᠷᠲᠡᠨ ᠤ ᠨᠥᠬᠦᠪᠦᠷᠢ ᠶᠢᠨ ᠲᠥᠰᠥᠭᠡᠯᠡᠨ ᠪᠤᠳᠤᠬᠤ ᠪᠠᠷᠢᠮᠵᠢᠶ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠠᠮᠢᠳᠤ ᠭᠠᠭ᠋ᠠᠢ ᠶᠢ ᠲᠡᠵᠢᠭᠡᠨ ᠦᠷᠡᠵᠢᠭᠦᠯᠬᠦ ᠭᠤᠭᠴᠤᠭᠠᠨ  ᠳᠠᠬᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠨᠥᠬᠦᠪᠦᠷᠢ ᠨᠢ ᠶᠠᠭᠤ ᠪᠣᠶ︖      ᠤᠯᠤᠰ ᠠᠴᠠ ᠭᠤᠣᠯᠳᠠᠭᠤ ᠲᠡᠵᠢᠭᠡᠨ ᠦᠷᠡᠵᠢᠭᠦᠯᠬᠦ ᠭᠤᠭᠴᠤᠭᠠᠨ  ᠳᠠᠬᠢ ᠡᠪᠡᠳᠴᠢᠨ ᠢᠶᠠᠷ ᠦᠬᠦᠭᠰᠡᠨ ᠭᠠᠭ᠋ᠠᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠳᠤ ᠨᠥᠬᠦᠪᠦᠷᠢ ᠥᠭᠭᠦᠨ᠎ᠡ᠃      ︽ᠬᠡᠨ ᠰᠢᠢᠳᠪᠦᠷᠢᠯᠡᠪᠡᠯ ᠬᠡᠨ ᠳᠤ ᠨᠥᠬᠦᠪᠦᠷᠢᠯᠡᠬᠦ︾ ᠵᠠᠷᠴᠢᠮ ᠶᠣᠰᠣᠭᠠᠷ᠂ ᠨᠥᠬᠦᠪᠦᠷᠢ ᠣᠯᠭᠤᠬᠤ ᠡᠲᠡᠭᠡᠳ  ᠨᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠦᠭᠴᠢ ᠪᠣᠯᠣᠨ᠎ᠠ᠃      ᠨᠥᠬᠦᠴᠡᠯ ᠲᠠᠢ ᠭᠠᠵᠠᠷ ᠣᠷᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢᠶᠠᠷ ᠯᠠᠪᠯᠠᠯᠲᠠ ᠪᠣᠯᠭᠠᠵᠤ᠂ ᠡᠪᠡᠳᠴᠢᠨ ᠢᠶᠠᠷ ᠦᠬᠦᠭᠰᠡᠨ ᠦᠬᠡᠷ ᠬᠤᠨᠢ ᠶᠢ ᠴᠤᠭᠯᠠᠭᠤᠯᠬᠤ᠂ ᠰᠢᠯᠵᠢᠭᠦᠯᠦᠨ ᠵᠥᠭᠡᠭᠡᠪᠦᠷᠢᠯᠡᠬᠦ᠂ ᠬᠤᠣᠷ ᠦᠭᠡᠶᠢᠵᠢᠭᠦᠯᠦᠨ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠪᠣᠳᠠᠲᠠᠢ ᠬᠡᠷᠡᠭᠵᠢᠭᠦᠯᠦᠭᠰᠡᠳ ᠲᠤ ᠨᠥᠬᠦᠪᠦᠷᠢ ᠣᠯᠭᠤᠨ᠎ᠠ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号