ᠮᠠᠨ ᠤ ᠣᠷᠣᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠣᠨ ᠤ ᠬᠠᠷᠠᠯᠲᠠᠲᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2023/11/23
      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 11 ᠰᠠᠷ᠎ᠠ ᠶᠢᠨ ᠡᠬᠢᠨ ᠪᠤᠯᠳᠠᠯ᠎ᠠ ᠪᠦᠭᠦ ᠣᠷᠣᠨ ᠤ ᠰᠢᠨ᠎ᠡ ᠪᠠᠷ ᠨᠡᠮᠡᠭᠳᠡᠭᠦᠯᠦᠭᠰᠡᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠷᠢᠶᠠᠨ ᠭᠠᠵᠠᠷ ᠤᠨ ᠲᠠᠯᠠᠪᠠᠶ 391.74 ᠲᠦᠮᠡᠨ ᠮᠦ ᠳᠤ ᠬᠦᠷᠴᠦ᠂ ᠡᠨᠡ ᠵᠢᠯ ᠤᠨ 333.76 ᠲᠦᠮᠡᠨ ᠮᠦ ᠶᠢᠨ ᠬᠠᠷᠠᠯᠲᠠᠲᠤ ᠡᠭᠦᠷᠭᠡ ᠪᠠᠨ ᠨᠢᠭᠡᠨᠲᠡ ᠳᠠᠪᠠᠭᠤᠯᠤᠨ ᠪᠡᠶᠡᠯᠡᠭᠦᠯᠪᠡ᠃      ᠡᠨᠡ ᠵᠢᠯ ᠠᠴᠠ ᠨᠠᠭᠠᠰᠢ ᠮᠠᠨ ᠤ ᠣᠷᠣᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠬᠦ ᠪᠠ ᠲᠠᠷᠢᠶᠠᠯᠠᠩ ᠤᠨ ᠠᠷᠪᠢᠲᠠᠢ ᠤᠰᠤᠯᠠᠯᠲᠠ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠪᠣᠯᠭᠠᠨ ᠴᠢᠩᠭ᠎ᠠ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠤᠰᠤᠨ ᠤ ᠦᠨ᠎ᠡ ᠬᠠᠩᠰᠢ ᠶᠢᠨ ᠪᠦᠷᠢᠯᠳᠦᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ᠂ ᠤᠰᠤ ᠬᠡᠷᠡᠭᠯᠡᠬᠦ ᠬᠠᠮᠢᠶᠠᠷᠤᠯᠲᠠ᠂ ᠨᠠᠷᠢᠯᠢᠭ ᠣᠨᠣᠴᠠᠲᠠᠢ ᠪᠠᠷ ᠨᠥᠬᠦᠪᠦᠷᠢ ᠣᠯᠭᠤᠬᠤ ᠪᠠ ᠤᠰᠤ ᠠᠷᠪᠢᠯᠠᠬᠤ ᠶᠢ ᠱᠠᠩᠨᠠᠬᠤ ᠵᠡᠷᠭᠡ ᠳᠥᠷᠪᠡᠨ ᠵᠦᠢᠯ ᠤᠨ ᠲᠣᠭᠲᠠᠴᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠶᠡᠭᠡ ᠪᠠᠷ ᠠᠬᠢᠭᠤᠯᠵᠠᠢ᠃ ᠮᠠᠨ ᠤ ᠣᠷᠣᠨ 2016 ᠣᠨ ᠳᠤ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠷᠢᠶᠠᠨ ᠭᠠᠵᠠᠷ ᠤᠨ ᠲᠠᠯᠠᠪᠠᠶ ᠨᠡᠶᠢᠲᠡ 4583.87 ᠲᠦᠮᠡᠨ ᠮᠦ ᠳᠤ ᠬᠦᠷᠴᠦ᠂ ᠶᠡᠷᠦᠩᠬᠡᠢ ᠡᠭᠦᠷᠭᠡ ᠶᠢᠨ 96.57% ᠶᠢ ᠡᠵᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠮᠠᠨ ᠤ ᠣᠷᠣᠨ ᠨᠢᠭᠡᠨᠲᠡ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠯᠤᠰ ᠤᠨ ᠱᠠᠭᠠᠷᠳᠠᠯᠭ᠎ᠠ ᠠᠴᠠ 1 ᠵᠢᠯ ᠤᠷᠢᠳᠴᠢᠯᠠᠨ ᠪᠡᠶᠡᠯᠡᠭᠦᠯᠵᠦ᠂ ᠢᠷᠡᠬᠦ ᠵᠢᠯ ᠳᠤ ᠥᠭᠡᠷᠡᠴᠢᠯᠡᠯᠲᠡ ᠶᠢᠨ ᠪᠦᠭᠦ ᠡᠭᠦᠷᠭᠡ ᠶᠢ ᠪᠦᠭᠦᠨ ᠢ ᠪᠡᠶᠡᠯᠡᠭᠦᠯᠬᠦ ᠶᠢᠨ ᠬᠠᠮᠲᠤ ᠰᠢᠯᠭᠠᠨ ᠠᠪᠬᠤ ᠠᠵᠢᠯ ᠥᠷᠨᠢᠭᠦᠯᠵᠦ᠂ 2025 ᠣᠨ ᠳᠤ ᠣᠷᠬᠢᠭᠳᠠᠭᠰᠠᠨ ᠢ ᠪᠠᠶᠢᠴᠠᠭᠠᠨ ᠳᠤᠲᠠᠭᠳᠠᠭᠰᠠᠨ ᠢ ᠨᠥᠬᠦᠪᠦᠷᠢᠯᠡᠵᠦ᠂ ᠪᠠᠬᠢᠵᠢᠭᠦᠯᠦᠨ ᠳᠡᠭᠡᠭᠰᠢᠯᠡᠭᠦᠯᠭᠦ ᠱᠠᠲᠤᠨ ᠳᠤ ᠣᠷᠣᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号