︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠠᠶᠢᠭᠤᠯᠤᠯᠳᠠ ᠡᠵᠡᠩᠨᠡᠯᠳᠡ  ᠶᠢᠨ ᠵᠢᠯᠤᠭᠤᠳᠤᠮᠵᠢ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/24
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠭᠠᠵᠠᠷ ᠤᠨ ᠬᠢᠨ 2023 ᠣᠨ ᠤ 5 ᠳ᠋ᠤᠭᠠᠷ ᠰᠠᠷ᠎ᠠ ᠶᠢᠨ 23 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠠᠶᠢᠭᠤᠯᠤᠯᠳᠠ ᠡᠵᠡᠩᠨᠡᠯᠳᠡ ᠶᠢᠨ ᠵᠢᠯᠤᠭᠤᠳᠤᠮᠵᠢ︾ ︵︽ᠵᠢᠯᠤᠭᠤᠳᠤᠮᠵᠢ︾ ᠭᠡᠵᠤ ᠲᠦᠬᠦᠮᠴᠢᠯᠡᠶ᠎ᠡ︶ ᠶᠢ ᠲᠠᠷᠤᠮᠠᠯᠯᠠᠨ ᠲᠠᠷᠬᠠᠭᠠᠬᠰᠠᠨ ᠶᠤᠮ᠃ ᠡᠳᠦᠭᠡ ᠲᠣᠰ ᠪᠢᠴᠢᠭ ᠮᠠᠲ᠋ᠧᠷᠢᠶᠠᠯ ᠤᠨ ᠵᠠᠷᠢᠮ ᠠᠭᠤᠯᠭ᠎ᠠ ᠶᠢ ᠲᠠᠶᠢᠯᠪᠤᠷᠢᠯᠠᠰᠤᠭᠠᠢ᠄      ᠨᠢᠭᠡ᠂ ︽ᠵᠢᠯᠣᠭᠤᠳᠤᠮᠵᠢ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ      ᠤᠷᠴᠢᠮ ᠤᠨ ᠵᠢᠯ ᠠᠴᠠ ᠨᠠᠭᠠᠰᠢ ᠲᠥᠪ ᠠᠴᠠ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠤᠨ ᠲᠤᠬᠠᠢ ᠪᠠᠶᠢᠷᠢᠯᠠᠭᠤᠯᠵᠤ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠢ ᠠᠪᠴᠠᠯᠳᠤᠭᠤᠯᠤᠭᠰᠠᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠬᠰᠠᠨ ᠶᠤᠮ᠃ ᠠᠷᠠᠳ ᠤᠨ ᠶᠠᠪᠤᠳᠠᠯ ᠤᠨ ᠶᠠᠮᠤᠨ ᠵᠡᠷᠭᠡ 18 ᠶᠠᠮᠤᠨ ᠵᠦᠪᠯᠡᠯ ᠤᠨ ᠬᠢᠨ ᠴᠦ᠄ ︽2025 ᠣᠨ ᠪᠣᠯᠬᠤ ᠳᠤ ᠬᠥᠳᠡᠭᠡ ᠲᠣᠰᠬᠤᠨ ᠳᠤ ᠰᠠᠭᠤᠷᠢᠯᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠵᠦ᠂ ᠨᠢᠭᠲᠠ ᠠᠪᠴᠠᠯᠳᠤᠭᠰᠠᠨ᠂ ᠪᠦᠷᠢᠨ ᠲᠡᠭᠦᠯᠳᠡᠷ ᠴᠢᠳᠠᠮᠵᠢ ᠲᠠᠢ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠰᠦᠯᠵᠢᠶ᠎ᠡ ᠶᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠲᠡᠢ︾ ᠭᠡᠵᠤ ᠱᠠᠭᠠᠷᠳᠠᠯ᠎ᠠ᠃ 2022 ᠣᠨ ᠳᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾  ᠳᠤ 2025 ᠣᠨ ᠪᠣᠯᠬᠤ ᠳᠤ ᠰᠤᠮᠤ ᠰᠢᠶᠠᠩ ᠪᠠᠯᠭᠠᠰᠤ ᠨᠢᠬᠡ ᠪᠦᠷᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠤ ᠨᠠᠰᠤᠲᠠᠨ ᠢ ᠠᠰᠠᠷᠠᠬᠤ ᠬᠦᠷᠢᠶᠡᠯᠡᠩ᠂ ᠬᠥᠳᠡᠭᠡ ᠲᠣᠰᠬᠤᠨ ᠤ ᠵᠢᠷᠭᠠᠯᠳᠤ ᠬᠦᠷᠢᠶᠡᠯᠡᠩ ᠵᠡᠷᠭᠡ ᠲᠦᠬᠦᠬᠡᠷᠤᠮᠵᠢ ᠳᠤ ᠲᠦᠰᠢᠭᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠵᠢᠯ ᠤᠨ ᠳᠣᠲᠣᠷ᠎ᠠ ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 350᠂ ᠭᠠᠴᠠᠭ᠎ᠠ ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ 200 ᠨᠠᠰᠤᠵᠢᠯ ᠤᠨ ᠠᠰᠠᠷᠠᠮᠵᠢ ᠶᠢᠨ ᠵᠢᠷᠭᠠᠯᠳᠤ ᠬᠦᠷᠢᠶᠡᠯᠡᠩ ᠤᠨ ᠦᠢᠯᠡᠴᠢᠯᠡᠭᠡᠨ ᠤ ᠴᠢᠳᠠᠪᠬᠢ ᠶᠢ ᠦᠷᠬᠡᠳᠬᠡᠨ ᠲᠡᠭᠡᠭᠰᠢᠯᠡᠬᠦᠯᠤᠨ᠎ᠡ ᠭᠡᠵᠤ ᠲᠤᠷᠠᠳᠪᠠ᠃ ︽ᠵᠢᠯᠤᠭᠤᠳᠤᠮᠵᠢ︾ ᠲᠤᠬᠳᠠᠭᠠᠬᠰᠠᠨ ᠨᠢ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠬᠡᠨ ᠬᠥᠭᠵᠢᠭᠦᠯᠬᠦ ᠲᠤᠬᠠᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠬᠡᠷᠡᠭᠴᠡᠭᠡ ᠮᠥᠨ᠃ ︽ᠵᠢᠯᠤᠭᠤᠳᠤᠮᠵᠢ︾  ᠶᠢ ᠨᠡᠶᠢᠲᠡᠯᠡᠭᠰᠡᠨ ᠨᠢ ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠭᠤᠯᠤᠯᠲᠠ ᠡᠵᠡᠩᠨᠡᠯᠲᠡ ᠶᠢᠨ ᠡᠭᠦᠷᠭᠡ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠤᠮᠵᠢ ᠬᠠᠩᠭᠠᠭᠰᠠᠨ ᠶᠤᠮ᠃      ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ      1᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵2021 ᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︶      2. ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵2023 ᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︶      3. ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠬᠢ ᠪᠦᠬᠦ ᠤᠯᠤᠰ ᠤᠨ ᠨᠠᠰᠤᠵᠢᠯ ᠤᠨ ᠦᠢᠯᠡᠰ ᠤᠨ ᠬᠦᠭᠵᠢᠬᠦᠯᠤᠯᠳᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠲᠥᠯᠦᠪᠵᠢᠭᠦᠯᠭᠡ︾ ︵ᠲᠦᠷᠦ ᠲᠠᠷᠬᠠᠭᠠᠭᠰᠠᠨ ﹇2021﹈ 35 ᠳ᠋ᠤᠭᠠᠷ ᠲᠣᠭᠠᠲᠤ︶      4. ᠠᠷᠠᠳ ᠤᠨ ᠶᠠᠪᠤᠳᠠᠯ ᠤᠨ ᠶᠠᠮᠤᠨ ᠵᠡᠷᠭᠡ ᠣᠯᠠᠨ ᠶᠠᠮᠤᠨ ᠵᠦᠪᠯᠡᠯ ᠤᠨ ︽ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠭᠡᠨ ᠬᠥᠭᠵᠢᠭᠦᠯᠬᠦ ᠲᠤᠬᠠᠢ ᠵᠢᠯᠤᠭᠤᠳᠬᠤ ᠰᠠᠨᠠᠯ︾ ︵ᠬᠢᠨᠠᠭᠤᠯᠬᠤ ᠨᠣᠣᠷᠠᠭ︶      ᠭᠤᠷᠪᠠ᠂ ᠭᠤᠣᠯ ᠠᠭᠤᠯᠭ᠎ᠠ      ︽ᠵᠢᠯᠣᠭᠤᠳᠤᠯᠭ᠎ᠠ︾ ᠨᠢ ᠳᠦᠷᠪᠡᠨ ᠬᠡᠰᠡᠭ 28 ᠵᠤᠷᠪᠤᠰ ᠢᠶᠠᠷ ᠪᠦᠷᠢᠯᠳᠤᠪᠡ᠃      ᠨᠢᠭᠡᠳᠦᠭᠡᠷ ᠬᠡᠰᠡᠭ᠄ ᠴᠢᠳᠠᠮᠵᠢ ᠶᠢᠨ ᠪᠠᠶᠢᠷᠢ ᠲᠣᠭᠲᠠᠭᠠᠯᠲᠠ᠂ 9 ᠵᠤᠷᠪᠤᠰ ᠲᠠᠢ᠃ ᠭᠤᠣᠯᠳᠠᠭᠤ ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠲᠣᠮᠢᠶᠠᠯᠠᠯ᠂ ᠴᠢᠳᠠᠮᠵᠢ᠂ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ᠂ ᠦᠢᠯᠡᠴᠢᠯᠡᠭᠡᠨ ᠤ ᠠᠭᠤᠯᠭ᠎ᠠ᠂ ᠨᠡᠷᠡᠶᠢᠳᠬᠦ ᠪᠠᠷᠢᠮᠵᠢᠶ᠎ᠠ ᠵᠡᠷᠭᠡ ᠲᠠᠯ᠎ᠠ ᠶᠢ ᠵᠢᠷᠤᠮᠵᠢᠭᠤᠯᠪᠠ᠃      ᠬᠤᠶᠠᠳᠤᠭᠠᠷ ᠬᠡᠰᠡᠭ᠄ ᠭᠠᠵᠠᠷ ᠰᠣᠩᠭᠤᠨ ᠪᠦᠲᠦᠭᠡᠨ ᠪᠠᠶᠢᠭᠤᠯᠬᠤ᠂ 6 ᠵᠤᠷᠪᠤᠰ ᠲᠠᠢ᠃ ᠭᠤᠣᠯᠳᠠᠭᠤ ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠭᠠᠵᠠᠷ ᠰᠣᠩᠭᠤᠬᠤ ᠪᠠᠶᠢᠷᠢᠰᠢᠭᠤᠯᠤᠯ᠂ ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ᠂ ᠪᠦᠲᠦᠭᠡᠨ ᠪᠠᠶᠢᠭᠤᠯᠬᠤ ᠪᠠᠷᠢᠮᠵᠢᠶ᠎ᠠ ︵ᠭᠠᠯ ᠤᠨ ᠠᠶᠤᠯ ᠢ ᠰᠡᠷᠬᠡᠶᠢᠯᠡᠬᠦ ᠱᠠᠭᠠᠷᠳᠠᠯᠭ᠎ᠠ᠂ ᠲᠦᠷᠭᠡᠨ ᠠᠪᠤᠷᠠᠯᠳᠠ ᠶᠢᠨ ᠵᠠᠮ ᠤᠨ ᠱᠠᠭᠠᠷᠳᠠᠯᠭ᠎ᠠ᠂ ᠬᠦᠳᠤᠴᠢ ᠲᠡᠮᠳᠡᠭ︶᠂ ᠨᠠᠰᠤᠵᠢᠯᠳᠠ ᠳᠤ ᠲᠣᠬᠢᠷᠠᠬᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠢᠷᠤᠮᠵᠢᠭᠤᠯᠪᠠ᠃      ᠭᠤᠷᠪᠠᠳᠤᠭᠠᠷ ᠬᠡᠰᠡᠭ᠄ ᠲᠦᠬᠦᠬᠡᠷᠤᠮᠵᠢ ᠶᠢᠨ ᠲᠣᠬᠢᠷᠠᠭᠤᠯᠤᠯᠲᠠ᠂ 4 ᠵᠤᠷᠪᠤᠰ ᠪᠤᠢ᠃ ᠭᠤᠣᠯᠳᠠᠭᠤ ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠰᠠᠭᠤᠷᠢ ᠲᠦᠬᠦᠬᠡᠷᠤᠮᠵᠢ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ᠂ ᠰᠤᠪᠢᠯᠠᠯᠲᠠ ᠶᠢᠨ ᠣᠷᠣ ᠶᠢᠨ ᠲᠤᠭ᠎ᠠ᠂ ᠰᠠᠭᠤᠵᠤ ᠰᠤᠪᠢᠯᠠᠬᠤ ᠬᠦᠮᠦᠰ ᠤᠨ ᠭᠡᠷ ᠪᠠᠶᠢᠰᠢᠩ ᠤᠨ ᠲᠣᠬᠢᠷᠠᠭᠤᠯᠤᠯᠲᠠ᠂ ᠭᠠᠯ ᠤᠨ ᠠᠶᠤᠯ ᠢ ᠰᠡᠷᠬᠡᠶᠢᠯᠡᠬᠦ ᠱᠠᠭᠠᠷᠳᠠᠯᠭ᠎ᠠ  ᠶᠢ ᠵᠢᠷᠤᠮᠵᠢᠭᠤᠯᠪᠠ᠃      ᠳᠥᠷᠪᠡᠳᠦᠭᠡᠷ ᠬᠡᠰᠡᠭ᠄ ᠡᠵᠡᠩᠨᠡᠯᠲᠡ ᠬᠠᠮᠢᠶᠠᠷᠤᠯᠲᠠ᠂ 9 ᠵᠤᠷᠪᠤᠰ ᠲᠠᠢ᠃ ᠭᠤᠣᠯᠳᠠᠭᠤ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠡᠵᠡᠩᠨᠡᠯᠲᠡ ᠶᠢᠨ ᠵᠠᠭᠪᠤᠷ᠂ ᠳᠦᠷᠢᠮ ᠤᠨ ᠪᠠᠶᠢᠭᠤᠯᠤᠯᠲᠠ ᠶᠢᠨ ᠪᠠᠷᠢᠮᠵᠢᠶ᠎ᠠ᠂ ᠠᠵᠢᠯᠲᠠᠨ ᠤ ᠲᠣᠬᠢᠷᠠᠭᠤᠯᠤᠯᠲᠠ ᠶᠢᠨ ᠪᠠᠷᠢᠮᠵᠢᠶ᠎ᠠ᠂ ᠦᠨᠡᠯᠡᠬᠦ ᠱᠠᠭᠠᠷᠳᠠᠯᠭ᠎ᠠ ᠶᠢ ᠵᠢᠷᠤᠮᠵᠢᠭᠤᠯᠪᠠ᠃ 
 
ᠢᠷᠡᠯᠲᠡ᠄ ᠦᠪᠤᠷ ᠮᠤᠩᠭᠤᠯ ᠤᠨ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号