ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠦᠬᠠᠢ ᠬᠤᠲᠠ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠵᠤᠯᠭᠠᠯᠴᠠᠭ᠎ᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/5
      11 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠦᠬᠠᠢ ᠬᠤᠲᠠ ᠶᠠᠷᠢᠯᠴᠠᠬᠤ ᠬᠤᠷᠠᠯ ᠬᠤᠷᠠᠯᠳᠤᠭᠤᠯᠪᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠦᠭᠦᠭᠡᠷᠦᠮᠵᠢᠲᠦ ᠲᠠᠷᠢᠶᠠᠯᠠᠩ᠂ ᠣᠨᠴᠠᠯᠢᠭᠲᠤ ᠠᠵᠤ ᠦᠢᠯᠡᠰ ᠵᠡᠷᠭᠡ ᠭᠤᠣᠯᠳᠠᠯᠭ᠎ᠠ ᠲᠠᠢ ᠠᠵᠢᠯ ᠢ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
图一.jpg
       ᠬᠤᠷᠠᠯ ᠳᠡᠭᠡᠷ᠎ᠡ᠂ ᠦᠬᠠᠢ ᠬᠤᠳᠠ ᠶᠢᠨ ᠬᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ 2023 ᠣᠨ ᠤ ᠠᠵᠢᠯ ᠢ ᠠᠬᠢᠭᠤᠯᠤᠭᠰᠠᠨ ᠪᠠᠶᠢᠳᠠᠯ ᠵᠢᠴᠢ 2024 ᠣᠨ ᠤ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠪᠡ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠡᠯ᠎ᠡ ᠭᠠᠵᠠᠷ ᠠᠯᠪᠠᠨ ᠭᠡᠷ ᠤᠨ ᠬᠢᠨ ᠡᠮᠦᠨᠡᠬᠢ ᠬᠤᠭᠤᠴᠠᠭᠠᠨ ᠤ ᠠᠵᠢᠯ ᠢ ᠵᠣᠯᠭᠠᠭᠤᠯᠬᠤ ᠳᠤᠮᠳᠠ ᠢᠯᠡᠷᠡᠭᠦᠯᠦᠭᠰᠡᠨ ᠠᠰᠠᠭᠤᠳᠠᠯ ᠪᠣᠯᠣᠨ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠳᠤ ᠴᠢᠭᠯᠡᠭᠦᠯᠦᠨ᠂ ᠦᠬᠠᠢ ᠬᠤᠳᠠ ᠶᠢᠨ ᠬᠤᠷᠠᠯ ᠳᠤ ᠣᠷᠣᠯᠴᠠᠭᠰᠠᠨ ᠬᠥᠮᠥᠰ ᠲᠠᠢ ᠭᠦᠨᠵᠡᠭᠡᠢ ᠰᠣᠯᠢᠯᠴᠠᠭᠰᠠᠨ ᠪᠦᠭᠡᠳ ᠠᠵᠢᠯ ᠤᠨ ᠰᠠᠨᠠᠭᠤᠯᠭ᠎ᠠ ᠳᠤᠷᠠᠳᠴᠠᠢ᠃      ᠬᠤᠷᠠᠯ ᠠᠴᠠ᠂ ᠦᠬᠠᠢ ᠬᠤᠳᠠ ᠶᠢᠨ ᠬᠢᠨ ᠰᠢᠯᠢᠳᠡᠭ ᠦᠵᠦᠮ ᠤᠨ ᠲᠠᠷᠢᠮᠠᠯ ᠤᠨ ᠪᠦᠰᠡ ᠳᠤ ᠪᠠᠶᠢᠷᠢᠯᠠᠵᠤ᠂ ︽ᠦᠬᠠᠢ ᠶᠢᠨ ᠦᠵᠦᠮ︾ ᠤᠨ ᠣᠨᠴᠠᠯᠢᠭᠲᠤ ᠠᠵᠤ ᠦᠢᠯᠡᠰ᠂ ᠪᠦᠷᠢᠨ ᠲᠡᠭᠦᠯᠳᠡᠷ ᠪᠣᠯᠪᠠᠰᠤᠷᠠᠭᠤᠯᠬᠤ ᠰᠢᠰᠲ᠋ᠧᠮᠵᠢ᠂ ᠥᠨᠢ ᠤᠳᠠᠭᠠᠨ ᠲᠠᠷᠢᠮᠠᠯ ᠤᠨ ᠲᠡᠦᠬᠡ ᠲᠠᠢ ᠪᠣᠯᠬᠤᠷ ᠦᠵᠦᠮ ᠤᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠬᠠᠮᠲᠤ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠰᠠᠶᠢᠲᠤᠷ ᠬᠥᠭᠵᠢᠭᠦᠯᠵᠦ᠂ ᠦᠵᠦᠮ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠭᠤᠯᠭ᠎ᠠ ᠶᠢ ᠪᠠᠶᠠᠯᠢᠭᠵᠢᠭᠤᠯᠵᠤ᠂ ︽ᠲᠥᠬᠦᠭᠡᠷᠦᠮᠵᠢ + ᠦᠵᠦᠮ︾ ᠤᠨ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠲᠠᠷᠢᠶᠠᠨ ᠭᠠᠵᠠᠷ ᠤᠨ ᠢᠵᠢ ᠪᠦᠷᠢᠳᠦᠭᠦᠯᠬᠦ ᠠᠵᠢᠯ ᠢ ᠲᠦᠷᠭᠡᠪᠴᠢᠯᠡᠨ ᠪᠡᠶᠡᠯᠡᠭᠦᠯᠵᠦ᠂ ᠪᠦᠬᠦ ᠬᠤᠳᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠵᠢ ᠪᠦᠷᠢᠳᠦᠭᠦᠯᠬᠦ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
图二.jpg
       ᠬᠤᠷᠠᠯ ᠠᠴᠠ᠂ ᠦᠬᠠᠢ ᠬᠤᠳᠠ ᠶᠢᠨ ᠬᠢᠨ ᠲᠤᠬᠠᠢ ᠶᠢᠨ ᠭᠠᠵᠠᠷ ᠤᠨ ᠳᠠᠪᠠᠭᠤᠯᠢᠭ ᠲᠠᠭᠠᠨ ᠰᠠᠭᠤᠷᠢᠯᠠᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠥᠪᠡᠷᠮᠢᠴᠡ ᠣᠨᠴᠠᠯᠢᠭ ᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠡᠷᠡᠰ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠦᠬᠦ ᠣᠷᠣᠨ ᠪᠦᠰᠡ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠠᠷᠭ᠎ᠠ ᠮᠠᠶ᠋ᠢᠭ ᠢ ᠰᠦᠪᠡᠭᠴᠢᠯᠡᠨ ᠬᠥᠭᠵᠢᠭᠦᠯᠬᠦ ᠬᠡᠷᠡᠭᠲᠡᠢ᠃ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠦᠷᠢᠶᠡᠯᠡᠩ ᠲᠣᠭᠤᠷᠢᠭ ᠤᠨ ᠰᠡᠳᠬᠢᠬᠦᠢ ᠪᠠᠷ ᠵᠢᠯᠣᠭᠤᠳᠤᠯᠭ᠎ᠠ ᠪᠣᠯᠭᠠ᠊᠂ ᠬᠡᠪᠴᠢᠶᠡᠵᠢᠭᠦᠯᠦᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ᠂ ᠠᠵᠤ ᠦᠢᠯᠡᠰ ᠤᠨ ᠴᠢᠳᠠᠮᠵᠢ ᠶᠢ ᠪᠠᠶᠠᠯᠢᠭᠵᠢᠭᠤᠯᠵᠤ᠂ ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠢᠶᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠦ ᠯᠢᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ︔ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号